ᠦᠨᠳᠦᠰᠦᠨ ᠱᠠᠲᠤᠨ ᠤ ᠳᠣᠲᠣᠭᠠᠳᠤ ᠶᠢᠨ ᠬᠢᠨᠠᠨ ᠪᠤᠳᠤᠯᠲᠠ ᠶᠢ ᠲᠦᠷᠭᠡᠨ ᠰᠠᠶᠢᠵᠢᠷᠠᠭᠤᠯᠬᠤ ᠴᠢᠬᠤᠯᠠᠲᠠᠶ ᠪᠠᠶᠢᠨ᠎ᠠ
ᠨᠡᠶᠢᠲᠡᠯᠡᠭᠰᠡᠨ ᠴᠠᠭ᠄
2022/7/28
     ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠬᠠᠩᠭᠠᠨ ᠪᠣᠷᠣᠯᠠᠭᠤᠯᠬᠤ ᠰᠢᠰᠲ᠋ᠧᠮ ᠳᠤ ᠲᠤᠰᠬᠠᠶ ᠬᠢᠨᠠᠨ ᠪᠤᠳᠤᠯᠲᠠ ᠬᠢᠵᠦ᠂ ᠬᠢᠨᠠᠨ ᠪᠤᠳᠤᠯᠲᠠ ᠪᠠᠷ ᠳᠡᠮᠵᠢᠨ᠂ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠳᠤ ᠲᠣᠭᠲᠠᠭᠠᠯ ᠶᠣᠰᠣᠭᠠᠷ ᠳᠣᠲᠣᠭᠠᠳᠤ ᠶᠢᠨ ᠬᠢᠨᠠᠨ ᠪᠤᠳᠤᠯᠲᠠ ᠶᠢ ᠥᠷᠨᠢᠭᠦᠯᠦᠭᠰᠡᠨ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠢᠯᠡᠷᠡᠬᠦᠯᠵᠦ᠂ ᠡᠭᠦᠨ ᠳᠤ ᠳᠤᠤᠷᠠᠬᠢ ᠮᠡᠲᠦ ᠰᠠᠨᠠᠭᠤᠯᠭ᠎ᠠ ᠳᠤᠷᠠᠳᠪᠠ᠃ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠣᠲᠣᠭᠠᠳᠤ ᠶᠢᠨ ᠬᠢᠨᠠᠨ ᠪᠤᠳᠤᠬᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠶᠠᠷ ᠲᠤ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠣᠲᠣᠭᠠᠳᠤ ᠶᠢᠨ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠬᠦᠢᠴᠡᠳᠬᠡᠨ᠎ᠡ᠃ ᠭᠤᠷᠪᠠ ᠳᠤ ᠶᠠᠰᠤ ᠴᠢᠨᠠᠷ ᠤᠨ ᠡᠵᠡᠮᠳᠡᠯ ᠢ ᠴᠢᠩᠭᠠᠳᠬᠠᠵᠤ᠂ ᠳᠣᠲᠣᠭᠠᠳᠤ ᠶᠢᠨ ᠬᠢᠨᠠᠨ ᠪᠤᠳᠤᠬᠤ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠦᠨ᠎ᠡ᠃ ᠳᠥᠷᠪᠡ ᠳᠤ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠳᠣᠲᠣᠭᠠᠳᠤ ᠶᠢᠨ ᠬᠢᠨᠠᠨ ᠪᠤᠳᠤᠯᠲᠠ ᠶᠢᠨ ᠵᠢᠯᠣᠭᠤᠳᠣᠯᠭ᠎ᠠ ᠬᠢᠨᠠᠯᠲᠠ ᠶᠢᠨ ᠡᠷᠴᠢᠮ ᠢ ᠴᠢᠩᠭᠠᠷᠠᠭᠤᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号