ᠬᠡᠷ ᠪᠠᠶᠢᠰᠢᠩ ᠲᠤᠰᠢᠶᠠᠪᠠᠯ ᠳᠠᠷᠤᠶ ᠦᠨᠡᠮᠯᠡᠯ ᠣᠯᠭᠤᠬᠤ᠂ ᠰᠡᠳᠬᠢᠯ ᠢᠶᠠᠨ ᠰᠣᠯᠢᠯᠴᠠᠬᠤ ᠮᠥᠷᠲᠡᠭᠡᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2022/7/28
      ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ︽ᠢ ᠯᠢ ᠸᠧᠨ ᠯᠠᠨ ᠰᠢᠤᠸᠠᠢ ᠹᠦ᠋︾ ᠰᠠᠭᠤᠭᠠᠯᠢ ᠠᠷᠠᠳ ᠤᠨ ᠲᠣᠭᠤᠷᠢᠭ ᠤᠨ ︽ᠬᠡᠷ ᠪᠠᠶᠢᠰᠢᠩ ᠲᠤᠰᠢᠶᠠᠪᠠᠯ ᠳᠠᠷᠤᠶ ᠦᠨᠡᠮᠯᠡᠯ ᠣᠯᠭᠤᠬᠤ︾ ᠶᠣᠰᠣᠯᠠᠯ ᠰᠠᠭᠤᠭᠠᠯᠢ ᠠᠷᠠᠳ ᠤᠨ ᠲᠣᠭᠤᠷᠢᠭ ᠤᠨ ᠠᠰᠠᠷ ᠬᠤᠳᠠᠯᠳᠤᠬᠤ ᠬᠡᠯᠲᠡᠰ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠡᠵᠡᠨ ᠬᠤᠷᠤᠭ᠎ᠠ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠭᠠᠶᠢᠯᠢ ᠶᠢᠨ ᠶᠠᠪᠤᠳᠠᠯ᠂ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠬᠡᠷ ᠪᠠᠶᠢᠰᠢᠩ ᠲᠤᠰᠢᠶᠠᠬᠤ ᠶᠠᠪᠤᠴᠠ ᠳᠤ ᠣᠷᠣᠭᠤᠯᠵᠤ᠂ ᠥᠮᠴᠢᠲᠡᠨ ᠰᠢᠨ᠎ᠡ ᠬᠡᠷ ᠤᠨ ᠲᠦᠯᠬᠢᠭᠦᠷ ᠢ ᠣᠯᠬᠤ ᠶᠢᠨ ᠬᠠᠮᠲᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠬᠢᠯᠭᠡᠬᠦ ᠪᠠᠷ ᠭᠤᠶᠤᠴᠢᠯᠠᠵᠤ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠠᠪᠴᠤ᠂ ︽ᠬᠡᠷ ᠪᠠᠶᠢᠰᠢᠩ ᠲᠤᠰᠢᠶᠠᠪᠠᠯ ᠳᠠᠷᠤᠶ ᠭᠡᠷᠡᠴᠢ ᠲᠤᠰᠢᠶᠠᠬᠤ︾᠎ ᠶᠢ ᠪᠡᠶᠡᠯᠡᠭᠦᠯᠵᠦ ᠪᠣᠯᠤᠨ᠎ᠠ᠃      ᠡᠵᠡᠨ ᠬᠤᠷᠤᠭ᠎ᠠ ᠬᠤᠰᠢᠭᠤᠨ ᠤ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ ᠨᠢ ︽ᠬᠡᠷ ᠪᠠᠶᠢᠰᠢᠩ ᠲᠤᠰᠢᠶᠠᠪᠠᠯ ᠳᠠᠷᠤᠶ ᠭᠡᠷᠡᠴᠢ ᠲᠤᠰᠢᠶᠠᠬᠤ︾᠎ ᠶᠢ ᠬᠡᠷᠡᠭᠵᠢᠭᠦᠯᠬᠦ ᠪᠣᠯ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠶᠢ ᠦᠢᠯᠡᠳᠦᠯᠭᠡᠵᠢᠭᠦᠯᠵᠦ᠂ ᠭᠤᠤᠯᠳᠠᠯᠭ᠎ᠠ ᠪᠠᠨ ᠢᠮᠠᠭᠲᠠ ᠠᠷᠠᠳ ᠲᠦᠮᠡᠨ ᠳᠤ ᠦᠢᠯᠡᠴᠢᠯᠡᠬᠦ ᠣᠭ ᠰᠠᠨᠠᠭ᠎ᠠ ᠶᠢ ᠪᠠᠷᠢᠮᠲᠠᠯᠠᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠲᠤᠰᠤᠯᠲᠠ ᠪᠣᠯᠭᠠᠵᠤ᠂ ᠬᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠭᠰᠠᠨ ᠮᠥᠷᠲᠡᠭᠡᠨ ᠪᠠᠰᠠ ᠬᠡᠷ ᠪᠠᠶᠢᠰᠢᠩ ᠬᠤᠳᠠᠯᠳᠤᠨ ᠠᠪᠤᠭᠴᠢ ᠶᠢᠨ ᠡᠷᠦᠬᠡ ᠠᠮᠠ ᠣᠷᠣᠬᠤ᠂ ᠰᠤᠷᠭᠠᠭᠤᠯᠢ ᠳᠤ ᠣᠷᠣᠬᠤ᠂ ᠪᠠᠩᠬᠢ ᠶᠢᠨ ᠪᠠᠷᠢᠴᠠᠭᠠᠳᠤ ᠵᠢᠭᠡᠯᠡᠯᠭᠡ ᠵᠡᠷᠭᠡ ᠲᠠᠯ᠎ᠠ ᠶᠢᠨ ᠬᠦᠴᠢᠷᠳᠡᠯ ᠢ ᠰᠢᠢᠳᠪᠦᠷᠢᠯᠡᠵᠦ ᠂ ︽ᠦᠨᠡᠮᠯᠡᠯ ᠬᠦᠢᠴᠡᠳᠬᠡᠬᠦ ᠳᠤ ᠬᠦᠴᠢᠷᠲᠡᠶ ᠪᠠᠶᠢᠬᠤ︾᠂ ︽ᠦᠨᠡᠮᠯᠡᠯ ᠬᠦᠢᠴᠡᠳᠬᠡᠬᠦ ᠳᠤ ᠤᠳᠠᠭᠠᠨ ᠪᠠᠶᠢᠬᠤ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠠᠵᠤ ᠠᠬᠤᠶᠢᠯᠠᠯ ᠣᠯᠠᠨ ᠲᠦᠮᠡᠨ ᠤ ᠬᠦᠴᠢᠷ ᠵᠣᠪᠠᠭᠤᠷᠢ ᠶᠢ ᠦᠨᠡᠨ ᠬᠦ ᠰᠢᠢᠳᠪᠦᠷᠢᠯᠡᠪᠡ᠃      ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ ᠨᠢ ︽ᠬᠡᠷ ᠪᠠᠶᠢᠰᠢᠩ ᠲᠤᠰᠢᠶᠠᠪᠠᠯ ᠳᠠᠷᠤᠶ ᠭᠡᠷᠡᠴᠢ ᠲᠤᠰᠢᠶᠠᠬᠤ︾᠎ ᠪᠠᠷ ᠠᠵᠢᠯ ᠤᠨ ᠬᠦᠴᠦᠯᠡᠬᠦ ᠴᠡᠭ ᠪᠣᠯᠭᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠬᠡᠷ ᠪᠠᠶᠢᠰᠢᠩ ᠲᠤᠰᠢᠶᠠᠪᠠᠯ ᠳᠠᠷᠤᠶ ᠭᠡᠷᠡᠴᠢ ᠲᠤᠰᠢᠶᠠᠬᠤ︾ ᠠᠵᠢᠯ ᠢ ᠪᠠᠶᠢᠩᠭᠤ ᠠᠬᠢᠭᠤᠯᠤᠨ᠂ ᠠᠷᠠᠳ ᠲᠦᠮᠡᠨ ᠳᠤ ᠦᠢᠯᠡᠴᠢᠯᠡᠬᠦ ᠠᠵᠢᠯ ᠤᠨ ᠳᠤᠮᠳᠠ ︽ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠨ᠂ ᠴᠣᠷ ᠤᠨ ᠭᠠᠭᠴᠠ ᠪᠣᠯᠬᠤ ᠪᠠᠷ ᠴᠢᠷᠮᠠᠶᠢᠨ᠎ᠠ︾
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号