| ᠨᠢᠭᠡ᠂ ᠨᠡᠭᠦᠷᠡᠰᠦᠨ ᠤ ᠦᠢᠯᠡᠳᠪᠦᠷᠢᠯᠡᠯ᠃ | 1 ᠊᠊᠊᠊᠊ 3 ᠰᠠᠷ᠎ᠠ ᠳᠤ᠂ ᠪᠥᠬᠦ ᠬᠤᠰᠢᠭᠤ 5126 ᠲᠦᠮᠡᠨ ᠲᠣᠨ ᠲᠦᠭᠦᠬᠡᠶ ᠨᠡᠭᠦᠷᠡᠰᠦ ᠦᠢᠯᠡᠳᠪᠦᠷᠢᠯᠡᠵᠦ᠂ | ᠠᠳᠠᠯᠢ ᠬᠤᠭᠤᠴᠠᠭᠠᠨ ᠤ ᠬᠢ ᠠᠴᠠ 561 ᠲᠣᠨ ᠥᠰᠴᠦ᠂ 12 % ᠢᠶᠠᠷ ᠨᠡᠮᠡᠭᠳᠡᠪᠡ︔ ᠡᠭᠦᠨ ᠳᠤ ᠱᠧᠨ | ᠳ᠋ᠦᠩ ᠺᠣᠮᠫᠠᠨᠢ 1892 ᠲᠦᠮᠡᠨ ᠲᠣᠨ ᠲᠦᠭᠦᠬᠡᠶ ᠨᠡᠭᠦᠷᠡᠰᠦ ᠦᠢᠯᠡᠳᠪᠦᠷᠢᠯᠡᠵᠦ᠂ ᠠᠳᠠᠯᠢ | ᠬᠤᠭᠤᠴᠠᠭᠠᠨ ᠤ ᠬᠢ ᠠᠴᠠ 2 ᠲᠦᠮᠡᠨ ᠲᠣᠨ ᠪᠠᠭᠤᠷᠪᠠ︔ ᠣᠷᠣᠨ ᠨᠤᠲᠤᠭ ᠤᠨ ᠨᠡᠭᠦᠷᠡᠰᠦᠨ ᠠᠭᠤᠷᠬᠠᠶ ᠶᠢᠨ | ᠦᠢᠯᠡᠳᠪᠦᠷᠢᠯᠡᠭᠰᠡᠨ ᠨᠡᠭᠦᠷᠡᠰᠦ 3234 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 563 | ᠲᠦᠮᠡᠨ ᠲᠣᠨ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 21 % ᠳᠤ ᠬᠦᠷᠪᠡ᠃ | ᠬᠤᠶᠠᠷ᠂ ᠨᠡᠬᠦᠷᠡᠰᠦᠨ ᠤ ᠪᠤᠷᠤᠯᠠᠭᠤᠯᠭ᠎ᠠ᠃ | 1 ᠊᠊᠊᠊᠊ 3 ᠰᠠᠷ᠎ᠠ ᠳᠤ᠂ ᠪᠥᠬᠦ ᠬᠤᠰᠢᠭᠤ ᠨᠡᠶᠢᠲᠡ 5098 ᠲᠦᠮᠡᠨ ᠲᠣᠨ ᠨᠡᠭᠦᠷᠡᠰᠦ ᠪᠣᠷᠣᠯᠠᠭᠤᠯᠵᠤ᠂ | ᠠᠳᠠᠯᠢ ᠬᠤᠭᠤᠴᠠᠭᠠᠨ ᠤ ᠬᠢ ᠠᠴᠠ 641 ᠲᠦᠮᠡᠨ ᠲᠣᠨ ᠨᠡᠮᠡᠭᠳᠡᠵᠦ᠂ 14 % ᠪᠠᠷ ᠨᠡᠮᠡᠭᠳᠡᠪᠡ︔ ᠡᠭᠦᠨ ᠳᠤ | ᠱᠧᠨ ᠳ᠋ᠦᠩ ᠺᠣᠮᠫᠠᠨᠢ ᠶᠢᠨ ᠪᠣᠷᠣᠯᠠᠭᠤᠯᠭ᠎ᠠ 1894 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2 ᠲᠦᠮᠡᠨ ᠲᠣᠨ ᠪᠠᠭᠤᠷᠠᠵᠤ᠂ 0 . 1 % ᠪᠠᠷ ᠪᠠᠭᠤᠷᠠᠪᠠ︔ ᠣᠷᠣᠨ ᠨᠤᠲᠤᠭ ᠤᠨ | ᠨᠡᠭᠦᠷᠡᠰᠦᠨ ᠠᠭᠤᠷᠬᠠᠶ 3206 ᠲᠦᠮᠡᠨ ᠲᠣᠨ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 643 | ᠲᠦᠮᠡᠨ ᠲᠣᠨ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 25 % ᠳᠤ ᠬᠦᠷᠪᠡ᠃ | ᠭᠤᠷᠪᠠ᠂ ᠨᠡᠭᠦᠷᠡᠰᠦᠨ ᠤ ᠦᠨ᠎ᠡ᠃ | 3 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠰᠢᠭᠤᠨ ᠤ ᠨᠡᠭᠦᠷᠡᠰᠦᠨ ᠤ ᠳᠤᠮᠳᠠᠴᠢ ᠦᠨ᠎ᠡ ᠲᠣᠨ | ᠪᠦᠷᠢ ᠳᠡᠭᠡᠨ 777 ᠲᠥᠭᠦᠷᠢᠭ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠨ ᠪᠦᠷᠢ ᠳᠡᠭᠡᠨ | 365 ᠲᠥᠭᠦᠷᠢᠭ ᠥᠰᠴᠦ᠂ ᠠᠳᠠᠯᠢ ᠬᠤᠭᠤᠴᠠᠭᠠᠨ ᠤ ᠬᠢ ᠠᠴᠠ 89 % ᠪᠠᠷ ᠨᠡᠮᠡᠭᠳᠡᠪᠡ︔ ᠬᠡᠰᠡᠭ ᠨᠡᠭᠦᠷᠡᠰᠦ | 962 ᠲᠥᠭᠦᠷᠢᠭ ᠲᠣᠨ ᠪᠣᠯᠵᠣ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 521 ᠲᠥᠭᠦᠷᠢᠭ ᠲᠣᠨ | ᠥᠰᠴᠦ᠂ ᠠᠳᠠᠯᠢ ᠬᠤᠭᠤᠴᠠᠭᠠᠨ ᠤ ᠬᠢ ᠠᠴᠠ 118 % ᠪᠠᠷ ᠨᠡᠮᠡᠭᠳᠡᠪᠡ︔ ᠨᠡᠭᠦᠷᠡᠰᠦ 607 ᠲᠥᠭᠦᠷᠢᠭ ᠲᠣᠨ | ᠪᠣᠯᠵᠣ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 247 ᠲᠥᠭᠦᠷᠢᠭ ᠲᠣᠨ ᠥᠰᠴᠦ᠂ ᠠᠳᠠᠯᠢ | ᠬᠤᠭᠤᠴᠠᠭᠠᠨ ᠤ ᠬᠢ ᠠᠴᠠ 69 % ᠪᠠᠷ ᠨᠡᠮᠡᠭᠳᠡᠪᠡ︔ ᠨᠤᠨᠲᠠᠭ ᠨᠡᠭᠦᠷᠡᠰᠦ 728 ᠲᠥᠭᠦᠷᠢᠭ ᠲᠣᠨ ᠪᠣᠯᠵᠣ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 321 ᠲᠥᠭᠦᠷᠢᠭ ᠲᠣᠨ ᠥᠰᠴᠦ᠂ ᠠᠳᠠᠯᠢ | ᠬᠤᠭᠤᠴᠠᠭᠠᠨ ᠤ ᠬᠢ ᠠᠴᠠ 79 % ᠪᠠᠷ ᠨᠡᠮᠡᠭᠳᠡᠪᠡ᠃ |