ᠦᠰᠦ ᠤᠨᠠᠬᠤ ᠨᠢ ᠶᠠᠮᠠᠷ ᠠᠶᠤᠯ ᠲᠠᠢ ᠪᠣᠢ︖
ᠨᠡᠶᠢᠲᠡᠯᠡᠭᠰᠡᠨ ᠴᠠᠭ᠄
2022/7/28
    ᠣᠳᠣᠬᠠᠨ ᠳᠤ᠂ ᠮᠠᠰᠢ ᠣᠯᠠᠨ ᠵᠠᠯᠠᠭᠤ ᠬᠦᠮᠦᠰ ᠤᠨ ᠦᠰᠦ ᠨᠢ ᠤᠨᠠᠵᠤ ᠲᠣᠯᠣᠭᠠᠢ ᠨᠢ ᠬᠠᠯᠵᠠᠷᠠᠵᠤ ᠪᠠᠶᠢᠨ᠎ᠠ ᠃ ᠬᠠᠮᠢᠶᠠᠲᠠᠢ ᠲᠤᠭ᠎ᠠ ᠪᠠᠷᠢᠮᠲᠠ ᠠᠴᠠ ᠦᠵᠡᠪᠡᠯ᠂ ᠮᠠᠨ ᠤ ᠤᠯᠤᠰ ᠤᠨ ᠬᠥᠮᠥᠰ ᠤᠨ ᠬᠠᠯᠵᠠᠷᠠᠵᠤ ᠪᠠᠶᠢᠭ᠎ᠠ ᠪᠠᠶᠢᠳᠠᠯ ᠤᠯᠠᠮ ᠤᠯᠠᠮ ᠵᠠᠯᠠᠭᠤᠵᠢᠵᠤ᠂ 10᠎ ᠠᠴᠠ 15 ᠵᠢᠯ ᠤᠷᠢᠳᠴᠢᠯᠠᠵᠤ ᠪᠠᠶᠢᠨ᠎ᠠ᠃ ᠭᠡᠵᠢᠭᠡ ᠦᠰᠦ ᠤᠨᠠᠬᠤ ᠨᠢ ᠵᠠᠯᠠᠭᠤᠴᠤᠳ ᠤᠨ ᠳᠦᠷᠢ ᠳᠥᠷᠭᠦ ᠪᠠ ᠰᠡᠳᠬᠢᠴᠡ ᠶᠢᠨ ᠡᠷᠡᠭᠦᠯ ᠮᠡᠨᠳᠦ ᠶᠢ ᠨᠥᠯᠥᠭᠡᠯᠡᠬᠦ ᠪᠠᠷ ᠪᠠᠷᠠᠬᠤ ᠦᠭᠡᠢ ᠲᠡᠷᠡ ᠎ ᠨᠢ ᠪᠠᠰᠠ ᠣᠮᠲᠣᠭᠠᠶᠢᠯᠠᠵᠤ ᠪᠣᠯᠤᠰᠢ ᠦᠭᠡᠢ ᠡᠷᠡᠭᠦᠯ ᠮᠡᠨᠳᠦ ᠶᠢᠨ ᠳᠠᠯᠳᠠ ᠭᠡᠮ ᠢ ᠲᠤᠰᠬᠠᠵᠤ ᠪᠠᠶᠢᠳᠠᠭ᠃    ᠦᠰᠦᠨ ᠤ ᠦᠢᠯᠡᠳᠦᠯ    ᠦᠰᠦ ᠨᠢ ᠪᠢᠳᠡᠨ ᠤ ᠶᠡᠭᠡ ᠲᠠᠷᠢᠬᠢ ᠪᠠ ᠲᠣᠯᠣᠭᠠᠶ ᠶᠢᠨ ᠠᠷᠠᠰᠤ ᠶᠢ ᠬᠠᠮᠠᠭᠠᠯᠠᠬᠤ ᠦᠢᠯᠡᠳᠦᠯ ᠲᠠᠢ ᠪᠠᠶᠢᠵᠤ᠂ ᠵᠠᠷᠢᠮ ᠮᠧᠬᠠᠨᠢᠭ ᠴᠢᠨᠠᠷᠲᠠᠶ ᠰᠡᠳᠦᠯᠲᠡ ᠪᠠ ᠠᠭᠠᠷ ᠳᠣᠲᠣᠷᠠᠬᠢ ᠬᠤᠣᠷᠲᠤ ᠪᠣᠳᠠᠰ ᠤᠨ ᠬᠤᠣᠷᠳᠠᠯ ᠠᠴᠠ ᠬᠠᠮᠠᠭᠠᠯᠠᠵᠤ ᠴᠢᠳᠠᠨ᠎ᠠ᠃ ᠦᠰᠦ ᠨᠢ ᠪᠠᠰᠠ ᠪᠡᠶ᠎ᠡ ᠶᠢᠨ ᠳᠤᠯᠠᠭᠠᠨ ᠢ ᠲᠣᠬᠢᠷᠠᠭᠤᠯᠬᠤ᠂ ᠭᠠᠳᠠᠭᠠᠳᠤ ᠣᠷᠴᠢᠨ ᠤ ᠰᠤᠷᠠᠭ ᠵᠠᠩᠭᠢ ᠶᠢ ᠴᠠᠭ ᠲᠤᠬᠠᠶ ᠳᠤᠨᠢ ᠶᠡᠭᠡ ᠲᠠᠷᠢᠬᠢᠨ ᠳᠤ ᠳᠠᠮᠵᠢᠭᠤᠯᠬᠤ ᠪᠠ ᠡᠪᠡᠳᠴᠢᠨ ᠡᠮᠭᠡᠭ ᠢ ᠮᠠᠭᠠᠳᠯᠠᠬᠤ ᠦᠢᠯᠡᠳᠦᠯ ᠲᠠᠢ ᠶᠤᠮ    ᠦᠰᠦ ᠤᠨᠠᠬᠤ ᠨᠢ ᠶᠠᠮᠠᠷ ᠶᠠᠮᠠᠷ ᠡᠷᠡᠭᠦᠯ ᠮᠡᠨᠳᠦ ᠶᠢᠨ ᠳᠠᠯᠳᠠ ᠭᠡᠮ ᠲᠠᠢ ᠪᠣᠢ︖       ᠦᠰᠦ ᠤᠨᠠᠬᠤ ᠨᠢ ᠮᠠᠰᠢ ᠣᠯᠠᠨ ᠡᠪᠡᠳᠴᠢᠨ ᠲᠠᠢ ᠬᠤᠯᠪᠣᠭ᠎ᠠ ᠲᠠᠢ ᠪᠠᠶᠢᠳᠠᠭ᠃ ᠵᠢᠱᠢᠶᠡᠯᠡᠪᠡᠯ᠂ ᠬᠠᠯᠵᠠᠨ ᠲᠣᠯᠣᠭᠠᠢ ᠲᠠᠢ ᠡᠷᠡᠭᠲᠡᠶᠢᠴᠦᠳ ᠥᠲᠡᠯᠦᠭᠡ ᠨᠠᠰᠤᠨ ᠳᠠᠭᠠᠨ ᠤᠷᠢᠳᠤ ᠪᠤᠯᠴᠢᠷᠬᠠᠶ ᠶᠢᠨ ᠡᠪᠡᠳᠴᠢᠨ ᠣᠯᠬᠤ ᠨᠣᠷᠮ᠎ᠠ ᠥᠨᠳᠦᠷ ᠪᠠᠶᠢᠳᠠᠭ᠃ ᠬᠠᠯᠵᠠᠨ ᠪᠣᠯᠬᠤ ᠨᠢ ᠪᠠᠰᠠ ᠬᠥᠮᠦᠨ ᠤ ᠪᠡᠶ᠎ᠡ ᠶᠢᠨ ᠳᠠᠷᠬᠠᠯᠠᠭ᠎ᠠ ᠮᠠᠭᠤᠳᠠᠭᠰᠠᠨ ᠲᠠᠢ ᠬᠠᠷᠢᠴᠠᠭ᠎ᠠ ᠲᠠᠢ᠃ ᠲᠣᠯᠣᠭᠠᠶ ᠶᠢᠨ ᠠᠷᠠᠰᠤ ᠨᠢ ᠤᠷᠲᠤ ᠬᠤᠭᠤᠴᠠᠭ᠎ᠠ ᠪᠠᠷ ᠭᠥᠷᠥᠨ ᠤ ᠭᠠᠳᠠᠨᠠᠬᠢ ᠲᠤᠶᠠᠭ᠎ᠠ ᠳᠤ ᠲᠤᠰᠬᠠᠭᠳᠠᠪᠠᠯ᠂ ᠲᠣᠯᠣᠭᠠᠶ ᠶᠢᠨ ᠬᠡᠰᠡᠭ ᠤᠨ ᠠᠷᠠᠰᠤᠨ ᠤ ᠬᠠᠪᠤᠳᠠᠷ ᠲᠤ ᠠᠮᠠᠷᠬᠠᠨ ᠨᠡᠷᠪᠡᠭᠳᠡᠵᠦ ᠮᠡᠳᠡᠨ᠎ᠡ᠃
 
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号