8 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠬᠦᠯᠦᠨ᠎ᠡ
ᠨᠡᠶᠢᠲᠡᠯᠡᠭᠰᠡᠨ ᠴᠠᠭ᠄
2022/7/28
    ᠣᠶᠢᠷ᠎ᠠ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 17 ᠰᠠᠯᠠᠭ᠎ᠠ ᠮᠥᠴᠢᠷ ᠤᠨ ᠬᠢᠨ ︽ᠮᠠᠰᠢᠨ ᠲᠡᠷᠭᠡᠨ ᠤ ᠬᠦᠢᠯᠬᠡᠬᠡ ᠶᠢ ᠬᠦᠭᠵᠢᠭᠡᠵᠦ ᠮᠠᠰᠢᠨ ᠲᠡᠷᠭᠡᠨ ᠤ ᠬᠡᠷᠡᠭᠯᠡᠭᠡ ᠶᠢ ᠥᠷᠭᠡᠳᠬᠡᠬᠦ ᠠᠷᠭ᠎ᠠ ᠬᠡᠮᠵᠢᠶ᠎ᠡ ᠨᠦᠭᠦᠳ ᠤᠨ ᠲᠤᠬᠠᠶ ᠮᠡᠳᠡᠭᠳᠡᠯ︾᠎ ᠢ ᠨᠡᠶᠢᠲᠡᠯᠡᠪᠡ᠃                   ︽ᠮᠡᠳᠡᠭᠳᠡᠯ︾᠎ ᠳᠤ᠂ ᠭᠠᠷ ᠳᠠᠮᠵᠢᠭᠰᠠᠨ ᠮᠠᠰᠢᠨ ᠲᠡᠷᠭᠡᠨ ᠤ ᠬᠦᠢᠯᠬᠡᠬᠡ ᠶᠢ ᠳᠡᠮᠵᠢᠵᠦ᠂ ᠡᠯ᠎ᠡ ᠭᠠᠵᠠᠷ ᠣᠷᠣᠨ ᠎ ᠤ  ᠎ ᠬᠢᠨ ᠭᠠᠷ ᠳᠠᠮᠵᠢᠭᠰᠠᠨ ᠮᠠᠰᠢᠨ ᠲᠡᠷᠭᠡ ᠶᠢ ᠣᠨᠳᠣᠣ ᠭᠠᠵᠠᠷ ᠰᠢᠯᠵᠢᠬᠦᠯᠦᠨ ᠳᠠᠩᠰᠠᠯᠠᠭᠤᠯᠬᠤ ᠶᠢ ᠬᠢᠵᠠᠭᠠᠷᠯᠠᠬᠤ ᠎ ᠶᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠬᠤ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ 2022 ᠣᠨ ᠤ 8 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠪᠥᠬᠦ ᠤᠯᠤᠰ ᠤᠨ ᠬᠡᠪᠴᠢᠶᠡᠨ ᠳᠤ ᠤᠯᠤᠰ ᠎ ᠤᠨ ᠲᠠᠪᠣᠳᠣᠭᠠᠷ ᠱᠠᠲᠣᠨ ᠤ ᠮᠠᠰᠢᠨ ᠲᠡᠷᠭᠡᠨ ᠤ ᠪᠣᠬᠢᠷᠳᠣᠯᠲᠦ ᠪᠣᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠳᠤ ᠨᠡᠶᠢᠴᠡᠬᠦ ᠵᠢᠵᠢᠭ ᠬᠡᠯᠪᠡᠷᠢ ᠶᠢᠨ ᠭᠠᠷ ᠳᠠᠮᠵᠢᠭᠰᠠᠨ ᠮᠠᠰᠢᠨ ᠲᠡᠷᠭᠡ ᠶᠢ ᠣᠨᠳᠣᠣ ᠭᠠᠵᠠᠷ ᠰᠢᠯᠵᠢᠬᠦᠯᠦᠨ ᠳᠠᠩᠰᠠᠯᠠᠭᠤᠯᠬᠤ ᠬᠢᠵᠠᠭᠠᠷᠯᠠᠯ ᠢ ᠬᠦᠴᠦᠨ ᠥᠬᠡᠶ ᠪᠣᠯᠭᠠᠵᠤ᠂ ᠭᠠᠷ ᠳᠠᠮᠵᠢᠭᠰᠠᠨ ᠮᠠᠰᠢᠨ ᠲᠡᠷᠭᠡ ᠶᠢᠨ ᠴᠢᠯᠥᠭᠡᠲᠡᠶ ᠬᠦᠢᠯᠬᠡᠬᠡ ᠪᠠ ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠡᠵᠡᠩᠨᠡᠯᠲᠡ ᠬᠢᠬᠦ ᠶᠢ ᠠᠬᠢᠭᠤᠯᠬᠤ  ᠬᠡᠷᠡᠭᠲᠡᠢ ᠭᠡᠵᠦ ᠲᠣᠲᠣᠷᠬᠠᠢ ᠲᠣᠭᠲᠠᠭᠠᠪᠠ᠃  
 
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号