ᠡᠵᠡᠨ ᠬᠤᠷᠤᠭ᠎ᠠ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ︽ᠭᠤᠷᠪᠠ ᠶᠢ ᠴᠡᠪᠡᠷᠯᠡᠬᠦ︾ ᠠᠵᠢᠯ ᠤᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/7/28
     ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢᠨ ᠲᠥᠯᠥᠭᠡ᠂ ᠮᠠᠨ ᠤ ᠬᠤᠰᠢᠭᠤ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠥᠬᠡᠶ᠂ ᠪᠠᠶᠢᠭᠤᠯᠤᠮᠵᠢ ᠥᠬᠡᠶ᠂ ᠡᠭᠦᠳᠦᠯᠲᠡ ᠶᠢᠨ ᠲᠤᠰᠬᠠᠶ ᠠᠰᠢᠭ ᠥᠬᠡᠶ ︽ᠭᠤᠷᠪᠠ ᠶᠢ ᠴᠡᠪᠡᠷᠯᠡᠬᠦ︾ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠱᠠᠲᠤᠴᠢ ᠴᠢᠨᠠᠷᠲᠠᠶ ᠦᠷ᠎ᠡ ᠪᠦᠲᠦᠭᠡᠯ ᠤᠯᠪᠠ᠃        7 ᠰᠠᠷ᠎ᠠ ᠶᠢᠨ 12᠎ ᠤᠨ ᠡᠳᠦᠷ ᠤᠨ ᠦᠳᠡ ᠶᠢᠨ ᠡᠮᠦᠨ᠎ᠡ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠡᠵᠡᠨ ᠬᠤᠷᠤᠭ᠎ᠠ ᠬᠤᠰᠢᠭᠤᠨ ᠤ ᠱᠠᠩ ᠱᠠᠨ ᠤᠰᠤ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠭᠦᠨᠵᠡᠭᠡᠶᠢᠷᠡᠨ ︽ᠭᠤᠷᠪᠠ ᠶᠢ ᠴᠡᠪᠡᠷᠯᠡᠬᠦ︾ ᠠᠵᠢᠯ ᠤᠨ ᠪᠠᠶᠢᠴᠠᠭᠠᠨ ᠰᠤᠳᠤᠯᠤᠯᠲᠠ ᠬᠢᠪᠠ᠃ ᠪᠥᠬᠦ ᠲᠠᠯ᠎ᠠ ᠪᠠᠷ ᠪᠠᠶᠢᠴᠠᠭᠠᠨ ᠣᠶᠢᠯᠠᠭᠠᠬᠤ ᠪᠠᠷ ᠳᠠᠮᠵᠢᠭᠤᠯᠤᠨ᠂ ᠲᠣᠰ ᠺᠣᠮᠫᠠᠨᠢ ᠶᠢᠨ ︽ᠭᠤᠷᠪᠠ ᠶᠢ ᠴᠡᠪᠡᠷᠯᠡᠬᠦ︾ ᠠᠵᠢᠯ ᠢ ᠬᠢᠨᠠᠨ ᠵᠢᠯᠣᠭᠤᠳᠴᠤ᠂ ︽︿ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾᠎ ᠤᠨ ᠵᠣᠷᠢᠭ ᠰᠠᠨᠠᠭ᠎ᠠ ᠶᠢ ᠲᠤᠬᠠᠶ ᠶᠢᠨ ᠭᠠᠵᠠᠷ ᠲᠤᠨᠢ ᠲᠠᠶᠢᠯᠪᠤᠷᠢᠯᠠᠵᠤ᠂ ᠠᠵᠤ ᠠᠬᠤᠶᠢᠯᠠᠯ ᠤᠨ ︽ᠭᠤᠷᠪᠠ ᠶᠢ ᠴᠡᠪᠡᠷᠯᠡᠬᠦ︾ ᠠᠵᠢᠯ ᠥᠷᠨᠢᠭᠦᠯᠬᠦ ᠢᠳᠡᠪᠬᠢᠵᠢᠯ ᠢ ᠤᠯᠠᠮ ᠨᠢᠭᠡ ᠠᠯᠬᠤᠮ ᠳᠠᠶᠢᠴᠢᠯᠠᠪᠠ᠃ ᠲᠣᠰ ᠠᠵᠤ ᠠᠬᠤᠶᠢᠯᠠᠯ ᠵᠢᠱᠢᠯᠲᠡ ᠪᠠᠷ 9 ᠰᠠᠷ᠎ᠠ ᠶᠢᠨ ᠰᠡᠭᠦᠯᠴᠢ ᠪᠠᠷ ᠲᠥᠷᠥᠯ ᠵᠦᠢᠯ ᠤᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠪᠠᠨ ᠪᠡᠶᠡᠯᠡᠭᠦᠯᠬᠦ ᠶᠢᠨ ᠬᠠᠮᠲᠤ ᠳᠣᠲᠣᠭᠠᠳᠤ ᠳᠠᠭᠠᠨ ᠬᠠᠮᠢᠶ᠎ᠠ ᠪᠥᠬᠦᠶ ᠰᠤᠳᠤᠯᠤᠨ ᠨᠡᠭᠡᠭᠡᠬᠦ ᠲᠥᠪ ᠪᠠᠶᠢᠭᠤᠯᠵᠤ᠂ ᠵᠢᠯ ᠤᠨ ᠡᠴᠦᠰ ᠲᠤ ᠭᠤᠷᠪᠠᠳᠠᠬᠢ ᠡᠲᠡᠭᠡᠳ ᠢ ᠤᠷᠢᠵᠤ ᠲᠤᠰᠬᠠᠶ ᠠᠰᠢᠭ ᠤᠨ ᠭᠤᠶᠤᠴᠢᠯᠠᠯ ᠬᠢᠯᠭᠡᠵᠦ ᠂ ︽ᠭᠤᠷᠪᠠ ᠶᠢ ᠴᠡᠪᠡᠷᠯᠡᠬᠦ︾ ᠠᠵᠢᠯ ᠢ ᠪᠥᠬᠦ ᠬᠦᠴᠦᠨ ᠢᠶᠠᠷ ᠢᠶᠠᠨ ᠬᠠᠮᠵᠢᠯᠴᠠᠨ ᠪᠡᠶᠡᠯᠡᠭᠦᠯᠬᠦ ᠪᠣᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号