ᠪᠦᠬᠦ ᠪᠥᠮᠪᠥᠷᠴᠡᠭ ᠤᠨ ᠬᠡᠪᠴᠢᠶᠡᠨ ᠳᠤ  ᠡᠳᠡᠭᠡᠷ ᠢᠳᠡᠭᠡᠨ ᠤ ᠦᠨ᠎ᠡ ᠲᠡᠦᠬᠡ ᠶᠢᠨ ᠰᠢᠨ᠎ᠡ  ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2022/7/28
     ᠪᠦᠬᠦ ᠪᠥᠮᠪᠥᠷᠴᠡᠭ ᠤᠨ ᠢᠳᠡᠭᠡᠨ ᠤ ᠦᠨ᠎ᠡ ᠬᠠᠩᠰᠢ ᠦᠷᠭᠦᠯᠵᠢᠯᠡᠨ ᠥᠰᠴᠦ᠂ ᠣᠯᠠᠨ  ᠤᠯᠤᠰ ᠤᠨ  ᠬᠤᠯᠪᠣᠭᠠᠲᠤ ᠪᠠᠶᠢᠭᠤᠯᠤᠯᠭ᠎ᠠ ᠶᠢᠨ ᠠᠮᠤ ᠪᠤᠳᠠᠭ᠎ᠠ ᠪᠣᠯᠤᠨ ᠬᠦᠳᠡᠭᠡ ᠠᠵᠤ ᠠᠬᠤᠢ ᠶᠢᠨ  ᠵᠣᠬᠢᠶᠠᠨ  ᠪᠠᠶᠢᠭᠤᠯᠤᠯᠲᠠ ᠶᠢᠨ  ᠬᠠᠮᠤᠭ ᠤᠨ  ᠰᠢᠨ᠎ᠡ ᠮᠡᠳᠡᠭᠦᠯᠦᠯᠲᠡ ᠠᠴᠠ ᠦᠵᠡᠪᠡᠯ᠂  ᠢᠳᠡᠭᠡᠨ ᠤ ᠦᠨ᠎ᠡ ᠬᠠᠩᠰᠢ ᠶᠢᠨ ᠵᠢᠭᠠᠯᠲᠠ ᠲᠤᠭ᠎ᠠ 1 ᠰᠠᠷ᠎ᠠ ᠳᠤ ᠳᠤᠮᠳᠠᠴᠢ ᠪᠠᠷ 135.7 ᠴᠡᠭ ᠲᠤ ᠬᠦᠷᠴᠦ᠂ ᠭᠠᠷᠠᠬᠠᠨ ᠬᠠᠷᠢᠴᠠᠯ ᠢᠶᠠᠷ ᠢᠶᠠᠨ 1.1 %᠎ ᠪᠠᠷ ᠥᠰᠴᠦ᠂  2011 ᠣᠨ ᠤ ᠲᠡᠦᠬᠡ ᠶᠢᠨ ᠥᠨᠳᠥᠷ ᠴᠡᠭ ᠲᠤ ᠤᠯᠠᠮ ᠢᠶᠠᠷ ᠣᠶᠢᠷᠠᠲᠤᠵᠤ ᠪᠠᠶᠢᠨ᠎ᠠ᠃ ᠡᠭᠦᠨ ᠳᠤ  ᠤᠷᠭᠤᠮᠠᠯ ᠤᠨ  ᠲᠣᠰᠣ  ᠪᠣᠯᠤᠨ  ᠴᠠᠭᠠᠨ  ᠢᠳᠡᠭᠡᠨ ᠤ  ᠦᠨ᠎ᠡ ᠲᠦᠷᠭᠡᠨ ᠥᠰᠪᠡ᠃                   ᠠᠮᠤ  ᠪᠤᠳᠠᠭ᠎ᠠ  ᠬᠥᠳᠡᠭᠡ  ᠠᠵᠤ  ᠠᠬᠤᠶ ᠶᠢᠨ  ᠵᠣᠬᠢᠶᠠᠨ ᠪᠠᠶᠢᠭᠤᠯᠤᠯᠲᠠ ᠠᠴᠠ ᠵᠢᠭᠠᠵᠤ ᠭᠠᠷᠭᠠᠭᠰᠠᠨ ᠨᠢ᠂ ᠭᠠᠳᠠᠭᠠᠳᠤ ᠳᠤ ᠭᠠᠷᠭᠠᠬᠤ ᠬᠠᠩᠭᠠᠯᠭ᠎ᠠ ᠶᠢᠨ ᠬᠡᠮᠵᠢᠶ᠎ᠡ ᠪᠠᠭᠤᠷᠠᠭᠰᠠᠨ ᠵᠢᠴᠢ ᠪᠤᠰᠤᠳ ᠬᠠᠩᠭᠠᠯᠭ᠎ᠠ ᠶᠢᠨ ᠲᠠᠯ᠎ᠠ ᠶᠢᠨ ᠬᠢᠵᠠᠭᠠᠷᠯᠠᠯ᠂  ᠢᠯᠠᠩᠭᠤᠶ᠎ᠠ ᠬᠥᠳᠡᠯᠮᠦᠷᠢ ᠬᠦᠴᠦ ᠳᠤᠲᠠᠭᠳᠠᠵᠤ ᠪᠠᠶᠢᠬᠤ ᠪᠠ ᠴᠠᠭ ᠠᠭᠤᠷ ᠤᠨ ᠠᠰᠢᠭ ᠥᠬᠡᠶ  ᠪᠠᠶᠢᠳᠠᠯ ᠨᠢ  ᠤᠷᠭᠤᠮᠠᠯ ᠤᠨ ᠲᠣᠰᠣ ᠵᠡᠷᠭᠡ ᠢᠳᠡᠭᠡᠨ ᠤ ᠵᠦᠢᠯ ᠤᠨ ᠦᠨ᠎ᠡ ᠶᠢ ᠲᠡᠦᠬᠡ ᠶᠢᠨ ᠰᠢᠨ᠎ᠡ ᠥᠨᠳᠥᠷ ᠬᠡᠮᠵᠢᠶᠡᠨ ᠳᠤ ᠬᠦᠷᠭᠡᠬᠦ ᠶᠢ ᠠᠬᠢᠭᠤᠯᠪᠠ᠃
 
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号