| | ᠷᠦᠲ᠋ᠧᠷ ᠬᠤᠷᠢᠶ᠎ᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠣᠷᠣᠰ ᠦᠺᠷᠡᠶᠢᠨ ᠬᠤᠶᠠᠷ | ᠤᠯᠤᠰ ᠤᠨ ᠪᠣᠭᠤᠳᠠᠶ ᠶᠢᠨ ᠭᠠᠳᠠᠭᠠᠳᠤ ᠳᠤ ᠭᠠᠷᠭᠠᠬᠤ ᠬᠡᠮᠵᠢᠶ᠎ᠡ ᠪᠥᠬᠦ ᠪᠥᠮᠪᠥᠷᠴᠡᠭ ᠤᠨ ᠪᠠᠷᠤᠭ 30 % ᠶᠢ | ᠡᠵᠡᠯᠡᠵᠦ᠂ ᠡᠷᠳᠡᠨᠢ ᠰᠢᠰᠢ ᠶᠢᠨ ᠭᠠᠳᠠᠭᠠᠳᠤ ᠳᠤ ᠭᠠᠷᠭᠠᠬᠤ ᠬᠡᠮᠵᠢᠶ᠎ᠡ ᠪᠠᠷᠤᠭ 20 % ᠶᠢ ᠡᠵᠡᠯᠡᠵᠦ ᠪᠠᠶᠢᠨ᠎ᠠ᠃ | | ᠦᠺᠷᠡᠶᠢᠨ ᠤ ᠪᠠᠶᠢᠳᠠᠯ ᠤᠨ ᠪᠠᠴᠢᠮ ᠪᠣᠯᠬᠤ ᠶᠢ ᠳᠠᠭᠠᠯᠳᠤᠨ᠂ ᠬᠠᠷ᠎ᠠ ᠲᠠᠩᠭᠢᠰ ᠤᠨ ᠭᠠᠷᠠᠮ ᠤᠨ ᠠᠷᠠᠯᠵᠢᠶ᠎ᠠ | ᠬᠦᠨᠳᠦ ᠨᠣᠴᠢᠲᠠᠶ ᠬᠠᠷᠰᠢᠯᠠᠯ ᠳᠤ ᠤᠴᠠᠷᠠᠵᠤ᠂ ᠪᠣᠭᠤᠳᠠᠶ ᠵᠡᠷᠭᠡ ᠠᠮᠤ ᠪᠤᠳᠠᠭᠠᠨ ᠤ ᠦᠨ᠎ᠡ ᠬᠠᠩᠰᠢ ᠶᠢ | ᠥᠰᠬᠡᠪᠡ᠃ ᠴᠢᠺᠠᠭᠤ᠋ ᠶᠢᠨ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠭᠠᠵᠠᠷ ᠤᠨ ᠪᠤᠭᠤᠳᠠᠢ ᠶᠢᠨ ᠦᠨ᠎ᠡ | ᠬᠠᠩᠰᠢ ᠨᠢ ᠤᠷᠤᠰ ᠦᠺᠷᠡᠶᠢᠨ 2 ᠰᠠᠷ᠎ᠠ ᠶᠢᠨ 24 ᠤ ᠡᠳᠦᠷ ᠮᠥᠷᠭᠦᠯᠳᠦᠭᠡᠨ ᠭᠠᠷᠤᠭᠰᠠᠨ ᠠᠴᠠ ᠨᠠᠰᠢ᠂ | ᠥᠰᠥᠯᠲᠡ ᠨᠢ 40 % ᠲᠤ ᠬᠦᠷᠴᠡᠢ᠃ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠳᠡᠯᠡᠬᠡᠶ ᠶᠢᠨ ᠠᠮᠤ | ᠪᠤᠳᠠᠭᠠᠨ ᠤ ᠲᠥᠯᠥᠪᠯᠡᠭᠡ ᠶᠢᠨ ᠵᠠᠬᠢᠷᠭ᠎ᠠ ᠰᠡᠷᠡᠮᠵᠢᠯᠡᠭᠦᠯᠦᠭᠰᠡᠨ ᠨᠢ᠂ ᠣᠷᠣᠰ ᠦᠺᠷᠡᠶᠢᠨ ᠬᠤᠶᠠᠷ ᠤᠯᠤᠰ ᠤᠨ | ᠬᠠᠩᠭᠠᠯᠭ᠎ᠠ ᠶᠢᠨ ᠬᠡᠯᠬᠢᠶ᠎ᠡ ᠶᠢᠨ ᠰᠠᠮᠠᠭᠤᠷᠠᠯ ᠨᠢ ᠪᠥᠬᠦ ᠳᠡᠯᠡᠬᠡᠶ ᠶᠢᠨ ᠬᠡᠳᠦᠨ ᠵᠠᠭᠤᠨ ᠲᠦᠮᠡᠨ ᠠᠷᠠᠳ ᠢᠷᠭᠡᠨ ᠤ | ᠠᠮᠤ ᠪᠤᠳᠠᠭᠠᠨ ᠤ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠬᠤ ᠪᠣᠯᠤᠨ᠎ᠠ ᠭᠡᠵᠡᠢ᠃ | | | | | | |