| | ᠷᠦᠲ᠋ᠧᠷ ᠬᠤᠷᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠨᠡᠭᠡᠭᠡᠨ ᠬᠥᠭᠵᠢᠭᠦᠯᠬᠦ ᠲᠥᠯᠦᠪᠵᠢᠭᠦᠯᠭᠡ ᠶᠢᠨ ᠵᠠᠬᠢᠷᠭᠠᠨ ᠤ ᠰᠡᠭᠦᠯ ᠤᠨ ᠦᠶ᠎ᠡ ᠶᠢᠨ ᠮᠡᠳᠡᠭᠦᠯᠦᠯᠲᠡ ᠳᠤ | ᠵᠢᠭᠠᠬᠤ ᠳᠠᠭᠠᠨ᠂ ᠪᠥᠬᠦ ᠳᠡᠯᠡᠬᠡᠶ ᠶᠢᠨ ᠬᠡᠪᠴᠢᠶᠡᠨ ᠳᠤ ᠠᠮᠢᠳᠤᠷᠠᠯ ᠤᠨ ᠥᠪᠡᠷ ᠤᠨ ᠥᠷᠲᠡᠭ ᠤᠨ ᠬᠢᠮᠤᠷᠠᠯ | ᠬᠡᠴᠡᠭᠦᠳᠡᠵᠦ᠂ ᠲᠦᠢᠯ ᠤᠨ ᠶᠠᠳᠠᠭᠤ ᠬᠦᠴᠢᠷᠲᠡᠢ ᠬᠥᠮᠦᠨ ᠠᠮᠠ ᠲᠦᠷᠭᠡᠨ ᠣᠯᠠᠰᠢᠷᠠᠵᠤ᠂ ᠳᠡᠯᠡᠬᠡᠶ ᠳᠡᠭᠡᠷᠡᠬᠢ | ᠬᠠᠮᠤᠭ ᠤᠨ ᠶᠠᠳᠠᠭᠤ ᠬᠦᠴᠢᠷᠲᠡᠢ ᠤᠯᠤᠰ ᠤᠨ 7100 ᠲᠦᠮᠡᠨ ᠠᠷᠠᠳ ᠢᠷᠭᠡᠳ ᠲᠦᠢᠯ ᠤᠨ ᠶᠠᠳᠠᠭᠤ ᠵᠦᠳᠡᠭᠦᠦ | ᠪᠣᠯᠣᠭᠠᠳ ᠪᠠᠶᠢᠨ᠎ᠠ ᠭᠡᠯᠡ᠃ | ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠡᠶᠢᠲᠡᠯᠡᠭᠰᠡᠨ ᠮᠡᠳᠡᠭᠦᠯᠦᠯᠲᠡ ᠳᠤ ᠲᠡᠮᠳᠡᠭᠯᠡᠬᠦ ᠳᠡᠭᠡᠨ | ᠂ ᠣᠳᠣᠬᠠᠨ ᠳᠤ ᠠᠮᠢᠳᠤᠷᠠᠯ ᠤᠨ ᠥᠪᠡᠷ ᠤᠨ ᠥᠷᠲᠡᠭ ᠤᠨ ᠬᠢᠮᠤᠷᠠᠯ ᠠᠴᠠ ᠪᠣᠯᠵᠤ 5100 ᠭᠠᠷᠤᠶ ᠲᠦᠮᠡᠨ | ᠬᠥᠮᠦᠨ ᠡᠳᠦᠷ ᠪᠦᠷᠢ ᠵᠥᠪᠬᠡᠨ 1.9 ᠳ᠋ᠣᠯᠯᠠᠷ ᠤᠨ ᠵᠠᠷᠤᠳᠠᠯ ᠢᠶᠠᠷ ᠲᠦᠢᠯ ᠤᠨ ᠶᠠᠳᠠᠭᠤ ᠵᠦᠳᠡᠭᠦᠦ | ᠠᠮᠢᠳᠤᠷᠠᠵᠤ ᠮᠡᠳᠡᠬᠦ ᠪᠥᠭᠡᠳ ᠪᠠᠰᠠ 2000 ᠲᠦᠮᠡᠨ ᠬᠥᠮᠦᠨ ᠡᠳᠦᠷ ᠪᠦᠷᠢ 3.2 ᠳ᠋ᠣᠯᠯᠠᠷ ᠤᠨ | ᠵᠠᠷᠤᠳᠠᠯ ᠢᠶᠠᠷ ᠶᠠᠳᠠᠭᠤ ᠵᠦᠳᠡᠭᠦᠦ ᠠᠮᠢᠳᠤᠷᠠᠵᠤ ᠮᠡᠳᠡᠨ᠎ᠡ᠃ ᠳᠡᠯᠡᠬᠡᠢ ᠶᠢᠨ 17 ᠳ᠋ᠦᠩᠰᠢᠭᠤᠷ ᠭᠠᠷᠤᠢ | ᠠᠷᠠᠳ ᠢᠷᠭᠡᠳ ᠠᠮᠢᠳᠤᠷᠠᠯ ᠤᠨ ᠥᠪᠡᠷ ᠤᠨ ᠦᠷᠳᠡᠭ ᠤᠨ ᠬᠢᠮᠤᠷᠠᠯ ᠳᠤ ᠨᠥᠯᠥᠭᠡᠯᠡᠭᠳᠡᠬᠦ ᠪᠣᠯᠤᠨ᠎ᠠ ᠭᠡᠵᠡᠢ᠃ | |