ᠡᠵᠡᠨ ᠬᠤᠷᠤᠭ᠎ᠠ ᠬᠤᠰᠢᠭᠤ᠄ ᠠᠵᠢᠯᠯᠠᠭᠤᠯᠵᠤ ᠬᠠᠮᠠᠭᠠᠯᠠᠬᠤ ᠪᠠᠨ ᠴᠢᠩᠭᠠᠳᠬᠠᠵᠤ᠂ ᠠᠷᠠᠳ ᠲᠤ ᠳᠣᠲᠣᠨᠣ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠰᠦᠯᠵᠢᠶ᠎ᠡ ᠶᠢ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/7/28
     2017 ᠣᠨ ᠳᠤ᠂ ᠮᠠᠨ ᠤ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠠᠯᠪᠠᠨ ᠲᠠᠯ᠎ᠠ ᠶᠢᠨ ᠨᠡᠷᠡᠶᠢᠳᠦᠯ ᠢ ︽ᠡᠵᠡᠨ ᠬᠤᠷᠤᠭ᠎ᠠ ᠬᠤᠰᠢᠭᠤᠨ ᠤ ᠴᠣᠩᠬᠤ︾ ᠭᠡᠵᠦ᠂ ᠣᠳᠣᠬᠠᠨ ᠳᠤ ᠰᠦᠯᠵᠢᠶᠡᠨ ᠳᠡᠭᠡᠷ᠎ᠡ 204 ᠪᠤᠯᠤᠩ ᠢ ᠪᠠᠭᠲᠠᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠨᠡᠶᠢᠲᠡᠯᠡᠬᠦ᠂ ᠲᠠᠶᠢᠯᠤᠮᠵᠢ ᠬᠢᠵᠦ ᠬᠠᠷᠢᠭᠤ ᠥᠭᠬᠦ᠂ ᠠᠵᠢᠯ ᠶᠠᠪᠤᠳᠠᠯ ᠬᠦᠢᠴᠡᠳᠬᠡᠬᠦ ᠦᠢᠯᠡᠴᠢᠯᠡᠭᠡ᠂ ᠬᠠᠷᠢᠯᠴᠠᠨ ᠰᠣᠯᠢᠯᠴᠠᠬᠤ ᠵᠡᠷᠭᠡ ᠴᠢᠳᠠᠮᠵᠢ ᠶᠢ ᠲᠣᠬᠢᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠠᠵᠢᠯ ᠶᠠᠪᠤᠳᠠᠯ ᠬᠦᠢᠴᠡᠳᠬᠡᠬᠦ ᠦᠢᠯᠡᠴᠢᠯᠡᠭᠡᠨ ᠤ ᠵᠦᠭᠯᠡᠭᠦᠷ ᠢ ᠣᠶᠢᠯᠠᠭᠠᠬᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠭᠤᠶᠤᠴᠢᠯᠠᠯ ᠢ ᠲᠤᠰᠢᠶᠠᠬᠤ ᠵᠡᠷᠭᠡ ᠳᠤ ᠲᠥᠬᠦᠮ ᠦᠵᠡᠭᠦᠯᠪᠡ᠃      ᠨᠢᠭᠡ ᠳᠤ ᠪᠤᠯᠤᠩ ᠢ ᠵᠦᠢ ᠵᠣᠬᠢᠰᠲᠠᠶ ᠪᠠᠶᠢᠷᠢᠯᠠᠭᠤᠯᠵᠤ᠂ ᠠᠷᠠᠳ ᠲᠤ ᠳᠥᠭᠦᠮ ᠦᠵᠡᠭᠦᠯᠬᠦ ᠠᠷᠭ᠎ᠠ ᠵᠠᠮ ᠢ ᠰᠠᠭᠠᠳ ᠦᠭᠡᠶ ᠪᠤᠯᠭᠠᠪᠠ᠃ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠨᠢ ᠬᠤᠰᠢᠭᠤ ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠢ ᠪᠠᠶᠢᠭᠤᠯᠵᠤ᠂ ᠭᠤᠶᠤᠴᠢᠯᠠᠯ ᠢ ᠢᠯᠡ ᠪᠣᠯᠭᠠᠬᠤ᠂ ᠰᠦᠯᠵᠢᠶᠡᠨ ᠳᠡᠭᠡᠷᠡᠬᠢ ᠰᠤᠷᠪᠤᠯᠵᠢᠯᠠᠯ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠪᠠᠶᠢᠴᠠᠭᠠᠨ ᠴᠤᠭᠯᠠᠭᠤᠯᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠨᠢᠭᠡᠳᠦᠯᠲᠡᠶ ᠬᠠᠷᠢᠯᠴᠠᠨ ᠰᠣᠯᠢᠯᠴᠠᠬᠤ ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ︽ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ︾᠂ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ︾᠂ ︽ᠵᠠᠰᠠᠭ ᠤᠨ ᠣᠷᠳᠣᠨ ᠤ ᠠᠯᠪᠠᠨ ᠮᠡᠳᠡᠭᠡ︾ ᠵᠡᠷᠭᠡ ᠪᠤᠯᠤᠩ ᠢᠶᠠᠷ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠪᠠᠶᠢᠴᠠᠭᠠᠨ ᠯᠠᠪᠯᠠᠵᠤ᠂ ︽ᠭᠤᠤᠯᠳᠠᠯᠭ᠎ᠠ ᠲᠠᠢ ᠮᠡᠳᠡᠭᠡ ᠵᠠᠩᠭᠢ ᠶᠢ ᠢᠯᠡ ᠪᠣᠯᠭᠠᠬᠤ︾ ᠵᠡᠷᠭᠡ ᠪᠤᠯᠤᠩ ᠢᠶᠠᠷ ᠳᠠᠮᠵᠢᠭᠤᠯᠤᠨ ᠨᠡᠶᠢᠭᠡᠮ ᠤᠨ ᠠᠪᠤᠷᠠᠨ ᠲᠤᠰᠠᠯᠠᠯᠲᠠ᠂ ᠲᠠᠷᠢᠶᠠᠯᠠᠩ ᠳᠤ ᠬᠤᠯᠪᠣᠭᠳᠠᠭᠰᠠᠨ ᠨᠥᠬᠦᠪᠥᠷᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠠᠰᠠᠭᠤᠨ ᠯᠠᠪᠯᠠᠵᠤ ᠪᠤᠯᠤᠨ᠎ᠠ᠃      ᠬᠤᠶᠠᠷ ᠲᠤ᠂ ᠣᠨᠴᠠᠭᠠᠢ ᠵᠢᠷᠤᠭ ᠲᠥᠯᠥᠪᠯᠡᠭᠡ ᠶᠢᠨ ᠬᠠᠭᠤᠳᠠᠰᠤ ᠪᠠᠷ ᠪᠣᠳᠠᠲᠠᠢ ᠬᠦᠴᠢᠷᠳᠡᠯ ᠢ ᠰᠢᠢᠳᠪᠦᠷᠢᠯᠡᠨ᠎ᠡ᠃ ᠨᠠᠰᠤᠲᠠᠶᠢᠴᠤᠳ᠂ ᠵᠡᠮᠳᠡᠭᠴᠦᠳ ᠵᠡᠷᠭᠡ ᠤᠨᠴᠠᠭᠠᠢ ᠨᠡᠶᠢᠲᠡ ᠴᠣᠭᠴᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠳᠤ ᠵᠠᠰᠠᠭ ᠤᠨ ᠣᠷᠳᠣᠨ ᠤ ᠰᠦᠯᠵᠢᠶ᠎ᠡ ᠬᠡᠷᠡᠭᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠳᠤ ᠴᠢᠭᠯᠡᠭᠦᠯᠦᠨ᠂ ᠰᠠᠭᠠᠳ ᠥᠬᠡᠶ ᠴᠢᠳᠠᠮᠵᠢ ᠶᠢᠨ ᠪᠤᠯᠤᠩ ᠢ ᠨᠡᠮᠡᠵᠦ᠂ ᠡᠭᠦᠨ ᠳᠤ ᠭᠤᠤᠯᠳᠠᠭᠤ ᠳᠡᠯᠭᠡᠴᠡ ᠶᠢ ᠲᠣᠮᠣᠷᠠᠭᠤᠯᠬᠤ᠂ ᠳᠡᠯᠭᠡᠴᠡ ᠶᠢᠨ ᠤᠩᠰᠢᠭᠤᠷ᠂ ᠠᠪᠢᠶ᠎ᠠ ᠶᠢ ᠢᠯᠭᠠᠨ ᠲᠠᠨᠢᠬᠤ᠂ ᠵᠢᠭᠠᠵᠤ ᠤᠩᠰᠢᠬᠤ᠂ ᠵᠠᠯᠭᠠᠨ ᠤᠩᠰᠢᠬᠤ᠂ ᠣᠷᠣᠯᠠᠬᠤ ᠴᠢᠨᠠᠷᠲᠠᠶ ᠵᠢᠭᠠᠬᠤ ᠲᠥᠬᠦᠭᠡᠷᠦᠮᠵᠢ ᠵᠡᠷᠭᠡ ᠬᠠᠪᠰᠤᠷᠤᠮᠵᠢ ᠴᠢᠳᠠᠮᠵᠢ ᠶᠢ ᠪᠠᠭᠲᠠᠭᠠᠵᠤ ᠂ ᠨᠠᠰᠤᠲᠠᠶᠢᠴᠤᠳ᠂ ᠬᠠᠷᠠᠭ᠎ᠠ ᠰᠠᠭᠠᠳ ᠲᠠᠢ ᠬᠥᠮᠦᠰ᠂ ᠰᠣᠨᠣᠷ ᠤᠨ ᠰᠠᠭᠠᠳ ᠲᠠᠢ ᠬᠥᠮᠦᠰ᠂ ᠤᠩᠰᠢᠵᠤ ᠪᠢᠴᠢᠬᠦ ᠳᠤ ᠰᠠᠭᠠᠳ ᠲᠠᠢ ᠬᠥᠮᠦᠰ ᠵᠡᠷᠭᠡ ᠰᠠᠭᠠᠳ ᠥᠬᠡᠶ ᠪᠠᠷ ᠡᠯᠧᠺᠲᠷᠣᠨ ᠵᠠᠰᠠᠭ ᠤᠨ ᠶᠠᠪᠤᠳᠠᠯ ᠢ ᠬᠡᠷᠡᠭᠯᠡᠵᠦ ᠴᠢᠳᠠᠬᠤ ᠪᠣᠯᠭᠠᠨ᠎ᠠ᠃      ᠭᠤᠷᠪᠠ ᠳᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠬᠢᠭᠡᠳ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠠᠭᠤᠰᠤᠯᠴᠠᠭᠤᠯᠤᠨ ᠬᠥᠭᠵᠢᠭᠦᠯᠦᠨ᠎ᠡ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠬᠠᠶ ᠲᠣᠭᠤᠷᠢᠭ ᠳᠣᠭᠢᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 1500 ᠭᠠᠷᠤᠶ  ᠵᠦᠢᠯ ᠤᠨ ᠠᠵᠢᠯ ᠶᠠᠪᠤᠳᠠᠯ ᠬᠦᠢᠴᠡᠳᠬᠡᠬᠦ ᠵᠦᠭᠯᠡᠭᠦᠷ ᠢ ᠵᠠᠷᠯᠠᠨ ᠨᠡᠶᠢᠲᠡᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠰᠦᠯᠵᠢᠶᠡᠨ ᠠᠴᠠ ᠬᠦᠢᠴᠡᠳᠬᠡᠬᠦ ᠵᠦᠢᠯ ᠤᠨ ᠦᠨᠳᠦᠰᠦᠨ ᠮᠡᠳᠡᠭᠡ ᠵᠠᠩᠭᠢ᠂ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠲᠣᠭᠲᠠᠭᠠᠭᠰᠠᠨ ᠦᠨᠳᠦᠰᠦᠯᠡᠯ᠂ ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ᠂ ᠬᠦᠢᠴᠡᠳᠬᠡᠬᠦ ᠴᠤᠪᠤᠷᠠᠯ᠂ ᠭᠤᠶᠤᠴᠢᠯᠠᠬᠤ ᠮᠠᠲ᠋ᠧᠷᠢᠶᠠᠯ᠂ ᠬᠦᠢᠴᠡᠳᠬᠡᠬᠦ ᠭᠠᠵᠠᠷ᠂ ᠠᠰᠠᠭᠤᠨ ᠯᠠᠪᠯᠠᠬᠤ ᠤᠲᠠᠰᠤ᠂ ᠵᠠᠭᠠᠯᠳᠤᠬᠤ ᠤᠲᠠᠰᠤ ᠵᠡᠷᠭᠡ ᠠᠭᠤᠯᠭ᠎ᠠ ᠶᠢ ᠰᠢᠭᠤᠳ ᠡᠷᠢᠵᠦ ᠪᠣᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号