ᠡᠵᠡᠨ ᠬᠤᠷᠤᠭ᠎ᠠ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠬᠦ ᠠᠵᠢᠯ ᠢ ᠴᠢᠩᠭᠠᠳᠬᠠᠵᠤ ᠵᠠᠬᠢᠳᠠᠯ ᠰᠤᠷᠪᠤᠯᠵᠢᠯᠠᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2022/7/28
     ᠡᠨᠡ ᠵᠢᠯ ᠠᠴᠠ ᠨᠠᠰᠢ᠂ ᠡᠵᠡᠨ ᠬᠤᠷᠤᠭ᠎ᠠ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠢᠳᠪᠦᠷᠢᠯᠡᠭᠰᠡᠨ ᠨᠢ ᠵᠢᠷᠤᠮᠵᠢᠯ ᠥᠬᠡᠶ᠂ ᠠᠬᠢᠴᠠ ᠨᠢ ᠤᠳᠠᠭᠠᠨ ᠵᠡᠷᠭᠡ ᠠᠰᠠᠭᠤᠳᠠᠯ ᠳᠤ ᠴᠢᠭᠯᠡᠭᠦᠯᠦᠨ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠬᠦᠢᠴᠡᠳᠬᠡᠯᠭᠡᠬᠦ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠬᠦᠢᠴᠡᠳᠬᠡᠯᠭᠡᠬᠦ ᠠᠵᠢᠯ ᠤᠨ ᠠᠷᠭ᠎ᠠ ᠶᠢ ᠰᠠᠶᠢᠵᠢᠷᠠᠭᠤᠯᠵᠤ᠂ ᠰᠢᠮᠳᠠᠭᠤᠯᠤᠨ ᠪᠠᠶᠢᠴᠠᠭᠠᠬᠤ ᠠᠵᠢᠯ ᠤᠨ ᠭᠤᠤᠯᠳᠠᠯᠭ᠎ᠠ ᠶᠢ ᠳᠣᠪᠤᠶᠢᠯᠭᠠᠨ᠂ ᠵᠠᠬᠢᠳᠠᠯ ᠰᠤᠷᠪᠤᠯᠵᠢᠯᠠᠯ ᠤᠨ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠬᠦᠢᠴᠡᠳᠬᠡᠯᠭᠡᠬᠦ ᠠᠵᠢᠯ ᠤᠨ ᠠᠭᠤᠯᠤᠭᠳᠠᠬᠤᠨ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃      ᠨᠢᠭᠡ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠬᠦ ᠠᠵᠢᠯ ᠤᠨ ᠰᠠᠭᠤᠷᠢ ᠶᠢ ᠪᠠᠬᠢᠵᠢᠭᠦᠯᠵᠦ ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠬᠦ ᠠᠵᠢᠯ ᠤᠨ ᠬᠦᠴᠦᠨ ᠴᠢᠳᠠᠪᠤᠷᠢ ᠶᠢ ᠳᠡᠭᠡᠭᠰᠢᠯᠡᠭᠦᠯᠪᠡ      ᠬᠤᠶᠠᠷ᠂ ᠮᠥᠷᠳᠡᠨ ᠰᠢᠪᠠᠳᠠᠬᠤ ᠡᠷᠴᠢᠮ ᠢᠶᠠᠨ ᠴᠢᠩᠭᠠᠷᠠᠭᠤᠯᠵᠤ᠂ ᠠᠩᠬᠠᠨ ᠤ ᠵᠠᠬᠢᠳᠠᠯ ᠰᠤᠷᠪᠤᠯᠵᠢᠯᠠᠯ ᠤᠨ ︽ᠰᠠᠷ᠎ᠠ ᠳᠤ ᠰᠢᠢᠳᠪᠦᠷᠢᠯᠡᠨ ᠰᠠᠷ᠎ᠠ ᠳᠤ ᠳᠠᠭᠤᠰᠬᠠᠬᠤ︾᠎ ᠳᠤ ᠬᠦᠴᠦᠨ ᠨᠡᠮᠡᠷᠢᠯᠡᠪᠡ᠃      ᠭᠤᠷᠪᠠ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠬᠦᠢᠴᠡᠳᠬᠡᠬᠦ ᠠᠵᠢᠯ ᠤᠨ ᠠᠷᠭ᠎ᠠ ᠶᠢ ᠰᠢᠨᠡᠴᠢᠯᠡᠵᠦ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠠᠬᠢᠭᠤᠯᠪᠠ᠃      ᠡᠨᠡ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠬᠦᠢᠴᠡᠳᠬᠡᠬᠦ ᠠᠵᠢᠯ ᠤᠨ ᠠᠷᠭ᠎ᠠ ᠪᠠᠷᠢᠯ ᠤᠨ ᠰᠢᠨ᠎ᠡ ᠶᠢ ᠡᠭᠦᠳᠪᠡ᠂ ᠨᠢᠭᠡ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠭᠰᠠᠨ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠬᠤᠷᠠᠯᠳᠤᠭᠤᠯᠤᠭᠴᠢ ᠨᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠬᠤ ᠠᠷᠭ᠎ᠠ ᠬᠡᠯᠪᠡᠷᠢ ᠪᠠᠷ ᠵᠠᠬᠢᠳᠠᠯ ᠰᠤᠷᠪᠤᠯᠵᠢᠯᠠᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠳᠬᠤᠵᠤ᠂ ᠠᠵᠢᠯ ᠶᠠᠪᠤᠳᠠᠯ ᠤᠨ ᠡᠷᠬᠡᠲᠦ ᠨᠢᠭᠡᠴᠢ ᠶᠢᠨ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠭᠠᠷ ᠣᠷᠣᠵᠤ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠣᠨᠣᠰᠢᠯᠠᠨ ᠰᠢᠢᠳᠪᠦᠷᠢᠯᠡᠬᠦ ᠶᠢ ᠠᠬᠢᠭᠤᠯᠪᠠ᠃ ᠬᠤᠶᠠᠷ ᠲᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠬᠢᠴᠠ ᠤᠳᠠᠭᠠᠨ᠂ ᠬᠦᠴᠦᠲᠡᠶ ᠠᠬᠢᠭᠤᠯᠤᠭᠰᠠᠨ ᠥᠬᠡᠶ ᠪᠠᠯᠭᠠᠰᠤ᠂ ᠰᠠᠯᠠᠭ᠎ᠠ ᠮᠥᠴᠢᠷ ᠢ ᠬᠤᠰᠢᠭᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠬᠤᠷᠠᠯᠳᠤᠭᠤᠯᠤᠭᠴᠢ ᠠᠴᠠ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ ᠲᠥᠪᠯᠡᠷᠡᠭᠦᠯᠦᠨ ᠰᠢᠪᠠᠳᠠᠨ ᠰᠢᠢᠳᠪᠦᠷᠢᠯᠡᠭᠦᠯᠵᠦ᠂ ᠪᠤᠰᠤᠳ ᠬᠡᠷᠡᠭ ᠢ ᠳᠠᠭᠠᠭᠠᠴᠢᠯᠠᠭᠰᠠᠨ ᠰᠢᠶᠠᠨ ᠤ ᠱᠠᠲᠤᠨ ᠤ ᠤᠳᠤᠷᠢᠳᠤᠯᠭ᠎ᠠ ᠲᠦᠷᠦᠭᠦᠯᠡᠨ ᠵᠣᠬᠢᠴᠠᠭᠤᠯᠤᠨ ᠰᠢᠢᠳᠪᠦᠷᠢᠯᠡᠵᠦ᠂ ᠰᠢᠪᠠᠳᠠᠨ ᠰᠢᠢᠳᠪᠦᠷᠢᠯᠡᠭᠦᠯᠵᠦ ᠨᠠᠶᠢᠳᠠᠪᠤᠷᠢᠵᠢᠭᠤᠯᠤᠨ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠳᠥᠯᠭᠢᠨ ᠠᠬᠢᠭᠤᠯᠤᠨ᠎ᠠ᠃ ᠭᠤᠷᠪᠠ ᠳᠤ ︽ᠬᠤᠶᠠᠷ ᠵᠠᠬᠢᠳᠠᠯ ᠨᠢᠭᠡ ᠪᠢᠴᠢᠭ︾᠎ ᠤᠨ ᠰᠢᠪᠠᠳᠠᠨ ᠰᠢᠢᠳᠪᠦᠷᠢᠯᠡᠬᠦ ᠲᠣᠭᠲᠠᠴᠠ ᠶᠢ ᠰᠢᠨᠡᠴᠢᠯᠡᠨ ᠬᠡᠷᠡᠭᠯᠡᠵᠦ ᠡᠯᠭᠦᠭᠡ ᠲᠠᠩᠰᠠ ᠶᠢᠨ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠨᠢᠭᠡᠳ ᠨᠢᠭᠡ ᠪᠠᠷ ᠬᠦᠴᠦᠨ ᠥᠬᠡᠶ ᠪᠣᠯᠭᠠᠵᠤ᠂ ᠭᠠᠷᠠᠭ ᠪᠦᠷᠢ ᠵᠠᠷᠯᠠᠨ ᠮᠡᠳᠡᠭᠳᠡᠬᠦ᠂ ᠰᠠᠷ᠎ᠠ ᠪᠦᠷᠢ ᠵᠠᠷᠯᠠᠨ ᠮᠡᠳᠡᠭᠳᠡᠬᠦ ᠲᠦᠷᠢᠮ ᠢ ᠬᠡᠷᠡᠭᠵᠢᠭᠦᠯᠵᠦ᠂ ︽ᠰᠢᠪᠠᠳᠠᠬᠤ︾᠎ ᠪᠠᠷ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠨᠠᠶᠢᠳᠠᠪᠤᠷᠢᠵᠢᠭᠤᠯᠬᠤ ᠶᠢ ᠰᠢᠪᠠᠳᠠᠪᠠ᠃ 2022 ᠣᠨ ᠠᠴᠠ ᠨᠠᠭᠠᠰᠢ᠂ 38 ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠨᠠᠮᠳᠠᠭᠠᠬᠤ ᠶᠢ ᠠᠬᠢᠭᠤᠯᠵᠤ᠂ ︽ᠤᠴᠢᠷ ᠶᠠᠪᠤᠳᠠᠯ ᠳᠤ ᠬᠤᠣᠰ ᠢᠶᠠᠷ ᠰᠢᠢᠳᠪᠦᠷᠢᠯᠡᠬᠦ︾᠎ ᠶᠢ ᠪᠡᠶᠡᠯᠡᠭᠦᠯᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号