ᠡᠵᠡᠨ ᠬᠤᠷᠤᠭ᠎ᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤᠮᠳᠠᠬᠢ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2022/7/28
     ᠡᠨᠡ ᠵᠢᠯ ᠪᠣᠯ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠂ ᠮᠠᠨ ᠤ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠪᠠᠶᠢᠭᠠᠯᠢ ᠶᠢᠨ ᠡᠬᠢ ᠪᠠᠶᠠᠯᠢᠭ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠰᠢᠪᠲᠤᠯᠤᠯᠲᠠ ᠶᠢᠨ ᠴᠡᠭ ᠪᠠ ᠬᠦᠴᠦᠯᠡᠬᠦ ᠴᠡᠭ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠦᠷᠢᠮ ᠤᠨ ᠪᠠᠶᠢᠭᠤᠯᠤᠯᠲᠠ ᠪᠠ ᠤᠬᠠᠭᠤᠯᠭ᠎ᠠ ᠵᠢᠯᠣᠭᠤᠳᠣᠯᠭ᠎ᠠ ᠶᠢ ᠲᠠᠰᠤᠷᠠᠯᠲᠠ ᠥᠬᠡᠶ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠦᠷᠭᠡᠬᠡᠨ ᠰᠠᠶᠢᠵᠢᠷᠠᠭᠤᠯᠬᠤ᠂ ᠦᠷᠭᠦᠯᠵᠢᠯᠡᠨ ᠰᠢᠯᠢᠳᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃      ᠨᠢᠭᠡ ᠳᠤ᠂ ᠬᠢᠨᠠᠨ ᠵᠥᠪᠰᠢᠶᠡᠷᠡᠬᠦ ᠶᠠᠪᠤᠴᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ︽ᠨᠢᠭᠡ ᠥᠷᠲᠡᠭᠡ ᠮᠠᠶ᠋ᠢᠭ︾᠎ ᠤᠨ ᠬᠢᠨᠠᠨ ᠵᠥᠪᠰᠢᠶᠡᠷᠡᠬᠦ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠶᠢ ᠪᠦᠬᠦᠨ ᠢ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠰᠢᠰᠲ᠋ᠧᠮ ᠪᠤᠶᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠤᠶᠤᠨᠲᠤ ᠡᠭᠦᠯᠡᠨ ᠲᠠᠪᠴᠠᠩ ᠤᠨ ᠰᠢᠰᠲ᠋ᠧᠮ ᠳᠤ ᠣᠷᠣᠭᠤᠯᠵᠤ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠶᠢ ᠪᠦᠬᠦᠨ ᠢ ᠰᠦᠯᠵᠢᠶᠡᠨ ᠳᠡᠭᠡᠷ᠎ᠡ ᠬᠦᠢᠴᠡᠳᠬᠡᠬᠦ ᠶᠢ ᠪᠡᠶᠡᠯᠡᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠪᠠ ᠠᠷᠠᠳ ᠲᠤ ᠲᠥᠬᠦᠮ ᠦᠵᠡᠭᠦᠯᠦᠨ᠎ᠡ᠃      ᠬᠤᠶᠠᠷ ᠲᠤ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠢᠨᠲ᠋ᠧᠷ ᠰᠦᠯᠵᠢᠶ᠎ᠡ+ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ︾ ᠪᠠ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ᠂ ᠠᠷᠠᠯᠵᠢᠶᠠᠯᠠᠬᠤ᠂ ᠭᠠᠶᠢᠯᠢ ᠲᠤᠰᠢᠶᠠᠬᠤ ᠳᠤ ︽ᠨᠢᠭᠡ ᠴᠣᠩᠬᠤᠪᠴᠢ ᠪᠠᠷ ᠭᠥᠯᠢᠶᠡᠨ ᠠᠪᠴᠤ ᠬᠦᠢᠴᠡᠳᠬᠡᠬᠦ ᠪᠠ ᠨᠡᠶᠢᠯᠡᠭᠦᠯᠦᠨ ᠬᠠᠮᠲᠤᠷᠠᠨ ᠬᠦᠢᠴᠡᠳᠬᠡᠬᠦ︾᠎ ᠶᠢ ᠭᠦᠨᠵᠡᠭᠡᠶ ᠠᠬᠢᠭᠤᠯᠵᠤ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠶᠢ ᠪᠥᠬᠦ ᠬᠤᠲᠠ ᠶᠢᠨ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ ᠪᠠ ᠬᠥᠬᠡᠬᠤᠲᠠ ᠪᠤᠭᠤᠲᠤ ᠣᠷᠳᠣᠰ ᠦᠬᠠᠶ ᠳᠥᠷᠪᠡᠨ ᠬᠤᠲᠠ ᠶᠢ ᠵᠡᠷᠭᠡᠪᠡᠷ ᠬᠦᠢᠴᠡᠳᠬᠡᠬᠦ︾᠎ ᠶᠢ ᠭᠦᠨᠵᠡᠭᠡᠶ ᠬᠡᠷᠡᠭᠵᠢᠭᠦᠯᠦᠨ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠡᠯᠧᠺᠲᠷᠣᠨ ᠦᠨᠡᠮᠯᠡᠯ ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠳᠠᠨᠵᠢᠯᠠᠵᠤ ᠳᠡᠩᠰᠡᠯᠡᠨ ᠲᠡᠮᠳᠡᠭᠯᠡᠬᠦ ᠶᠢ ︽ᠨᠢᠭᠤᠷᠲᠠᠨ ᠬᠦᠢᠴᠡᠳᠬᠡᠬᠦ ᠥᠬᠡᠶ︾᠎ ᠶᠢ ᠭᠦᠨᠵᠡᠭᠡᠶ ᠥᠷᠨᠢᠭᠦᠯᠦᠨ᠂ ᠣᠳᠣᠬᠠᠨ ᠳᠤ ᠨᠢᠭᠡᠨᠲᠡ ᠪᠠᠶᠢᠴᠠᠭᠠᠨ ᠯᠠᠪᠯᠠᠵᠤ ᠪᠠᠶᠢᠴᠠᠭᠠᠨ ᠪᠢᠲᠡᠭᠦᠮᠵᠢᠯᠡᠬᠦ ᠲᠤᠬᠠᠶᠢᠯᠠᠭᠰᠠᠨ ᠠᠵᠢᠯ ᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠬᠦᠷᠲᠡᠯ᠎ᠡ ᠤᠷᠲᠤᠳᠬᠠᠵᠤ᠂ ᠳᠠᠨᠵᠢᠯᠠᠵᠤ ᠳᠡᠩᠰᠡᠯᠡᠨ ᠲᠡᠮᠳᠡᠭᠯᠡᠬᠦ ᠲᠤᠬᠠᠶᠢᠯᠠᠭᠰᠠᠨ ᠠᠵᠢᠯ ᠢ 5 ᠪᠠᠩᠬᠢ᠂ 7 ᠡᠵᠡᠩᠨᠡᠯᠲᠡ ᠶᠢᠨ ᠲᠤᠤᠷ ᠴᠢᠬ ᠬᠦᠷᠲᠡᠯ᠎ᠡ ᠦᠷᠬᠡᠳᠬᠡᠪᠡ᠃      ᠭᠤᠷᠪᠠ ᠳᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ ᠤᠨ ︽ᠬᠡᠷ ᠪᠠᠶᠢᠰᠢᠩ ᠲᠤᠰᠢᠶᠠᠪᠠᠯ ᠳᠠᠷᠤᠶ ᠭᠡᠷᠡᠴᠢ ᠲᠤᠰᠢᠶᠠᠬᠤ︾ ᠥᠭᠡᠷᠡᠴᠢᠯᠡᠯᠲᠡ ᠶᠢ ᠰᠦᠪᠡᠭᠴᠢᠯᠡᠨ ᠠᠬᠢᠭᠤᠯᠤᠨ᠎ᠠ᠃ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ᠂ ᠬᠠᠮᠲᠤᠷᠠᠨ ᠰᠢᠯᠭᠠᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠷᠣᠰᠢᠨ ᠰᠠᠭᠤᠬᠤ ᠡᠷᠬᠡ ᠪᠠ ᠥᠮᠴᠢᠯᠡᠬᠦ ᠡᠷᠬᠡ ᠶᠢ ︽ᠵᠡᠷᠭᠡ ᠳᠤᠨᠢ ᠬᠦᠢᠴᠡᠳᠬᠡᠬᠦ︾᠎ ᠶᠢ ᠪᠡᠶᠡᠯᠡᠭᠦᠯᠬᠦ ᠶᠢ ᠠᠯᠬᠤᠮ ᠠᠯᠬᠤᠮ ᠢᠶᠠᠷ ᠠᠬᠢᠭᠤᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号