ᠡᠵᠡᠨ ᠬᠤᠷᠤᠭ᠎ᠠ ᠬᠤᠰᠢᠭᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2022/7/28
     ᠤᠯᠤᠰ᠂ ᠥᠪᠡᠷᠲᠡᠭᠡᠨ ᠵᠠᠰᠠᠬᠤ ᠣᠷᠣᠨ ᠪᠠ ᠣᠷᠳᠣᠰ ᠬᠤᠲᠠ ᠶᠢᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠡᠨᠳᠦᠪᠠᠶᠠᠷ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠰᠢᠤᠢ ᠵᠢᠶᠠᠨ ᠭᠠᠩ ᠬᠤᠷᠠᠯ ᠳᠡᠭᠡᠷ᠎ᠡ 2021 ᠣᠨ ᠤ ᠪᠥᠬᠦ ᠬᠤᠰᠢᠭᠤᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠤ᠂ 2022 ᠣᠨ ᠤ ᠤᠯᠤᠰ ᠪᠠ ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ ᠶᠢᠨ ᠴᠢᠨᠠᠷ ᠰᠠᠶᠢᠲᠠᠶ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠠᠶᠢᠭᠤᠯᠬᠤ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠤᠣᠯᠳᠠᠯᠭ᠎ᠠ ᠲᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠣᠯᠤᠨ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠯᠲᠠ ᠶᠢ ᠲᠤᠯᠭᠠᠭᠤᠷᠢᠯᠠᠬᠤ᠂ ᠡᠷᠬᠡ ᠲᠡᠭᠰᠢ ᠦᠨᠡᠨᠴᠢ ᠢᠲᠡᠭᠡᠮᠵᠢᠲᠡᠶ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠨᠡᠶᠢᠭᠡᠮ ᠤᠨ ᠣᠷᠴᠢᠨ ᠲᠣᠭᠤᠷᠢᠨ ᠵᠡᠷᠭᠡ ᠲᠠᠯ᠎ᠠ ᠶᠢᠨ ᠢᠳᠡᠪᠬᠢ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠡᠵᠡᠨ ᠬᠤᠷᠤᠭ᠎ᠠ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠲᠠᠢ ᠵᠣᠬᠢᠴᠠᠭᠰᠠᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠬᠤ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠪᠠ᠃ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠬᠢ ᠶᠢᠨ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠬᠤ ᠦᠭᠡ ᠬᠡᠯᠡᠪᠡ᠃      ᠮᠡᠨᠳᠦᠪᠠᠶᠠᠷ ᠳᠡᠳ᠋ ᠬᠤᠰᠢᠭᠤᠨ ᠳᠠᠷᠤᠭ᠎ᠠ ᠪᠥᠬᠦ ᠬᠤᠰᠢᠭᠤᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠴᠢᠬᠤᠯᠠᠴᠢᠯᠠᠭᠰᠠᠨ ᠪᠥᠭᠡᠳ ︽ᠦᠨᠡᠨᠴᠢ ᠢᠲᠡᠭᠡᠮᠵᠢᠲᠡᠶ ᠡᠵᠡᠨ ᠬᠤᠷᠤᠭ᠎ᠠ︾᠎ ᠶᠢᠨ ᠴᠢᠬᠤᠯᠠ ᠶᠡᠭᠡ ᠠᠴᠢ ᠬᠤᠯᠪᠣᠭᠳᠠᠯ᠂ ᠪᠥᠲᠥᠭᠡᠨ ᠪᠠᠶᠢᠭᠤᠯᠤᠯᠲᠠ ᠶᠢᠨ ᠡᠭᠦᠷᠭᠡ᠂ ᠪᠥᠲᠥᠭᠡᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠳᠤ ᠬᠡᠳᠦᠨ ᠰᠠᠨᠠᠯ ᠳᠤᠷᠠᠳᠪᠠ᠃ ᠡᠯ᠎ᠡ ᠨᠢᠭᠡᠴᠢ ᠶᠢᠨ ᠬᠢᠨ ︽ᠡᠵᠡᠨ ᠬᠤᠷᠤᠭ᠎ᠠ ᠬᠤᠰᠢᠭᠤᠨ ᠤ 2022 ᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ︾᠎ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠲᠣᠳᠣᠷᠬᠠᠶᠢᠯᠠᠨ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠨ ᠴᠢᠩᠭᠠᠳᠬᠠᠵᠤ᠂ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠡᠮᠬᠢᠯᠡᠨ ᠳ᠋ᠦᠩᠨᠡᠵᠦ᠂ ᠡᠵᠡᠨ ᠬᠤᠷᠤᠭ᠎ᠠ ᠬᠤᠰᠢᠭᠤᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠶᠡᠭᠡ ᠪᠠᠷ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠢᠲᠡᠭᠡᠮᠵᠢ ᠶᠢᠨ ᠠᠵᠢᠯ ᠤᠨ ᠲᠦᠷᠢᠮ ᠢ ᠦᠷᠭᠦᠯᠵᠢᠯᠡᠨ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠢᠯᠡ ᠨᠡᠶᠢᠲᠡᠯᠡᠬᠦ ᠪᠠ ᠮᠡᠳᠡᠭᠦᠯᠦᠨ ᠬᠦᠷᠭᠡᠬᠦ ᠠᠵᠢᠯ ᠢ ᠬᠦᠴᠦᠯᠡᠨ ᠴᠢᠩᠭᠠᠳᠬᠠᠵᠤ᠂ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠬᠡᠪᠴᠢᠶ᠎ᠡ ᠶᠢ ᠥᠷᠭᠡᠳᠬᠡᠵᠦ᠂ ᠪᠥᠬᠦ ᠲᠠᠯ᠎ᠠ ᠶᠢ ᠬᠠᠮᠤᠷᠤᠭᠰᠠᠨ ᠡᠵᠡᠨ ᠬᠤᠷᠤᠭ᠎ᠠ ᠬᠤᠰᠢᠭᠤᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠲᠣᠮᠣ ᠳ᠋ᠠᠶᠢᠲ᠋ᠠ ᠶᠢᠨ ᠡᠬᠢ ᠪᠠᠶᠠᠯᠢᠭ ᠢ ᠲᠦᠷᠭᠡᠬᠡᠨ ᠪᠦᠷᠢᠯᠳᠦᠭᠦᠯᠬᠦ ᠬᠡᠷᠡᠭᠲᠡᠶ᠃ ᠪᠥᠬᠦ ᠬᠤᠰᠢᠭᠤ ᠪᠠᠷ ᠎ ᠢᠶᠠᠨ ᠨᠠᠩ ᠴᠢᠩᠭ᠎ᠠ ᠡᠷᠡᠰ ᠵᠣᠷᠢᠭ᠂ ᠨᠠᠩ ᠶᠡᠭᠡ ᠡᠷᠴᠢᠮ᠂ ᠨᠠᠩ ᠪᠦᠲᠦᠮᠵᠢᠲᠡᠶ ᠠᠷᠭ᠎ᠠ ᠬᠡᠮᠵᠢᠶ᠎ᠡ ᠪᠠᠷ ︽ᠦᠨᠡᠨᠴᠢ ᠢᠲᠡᠭᠡᠮᠵᠢᠲᠡᠶ ᠪᠠᠶᠢᠬᠤ ᠪᠠᠷ ᠦᠨᠳᠦᠰᠦ ᠪᠣᠯᠭᠠᠬᠤ᠂ ᠢᠲᠡᠭᠡᠮᠵᠢ ᠪᠠᠷ ᠰᠦᠭ ᠰᠦᠨᠡᠰᠦ ᠪᠣᠯᠭᠠᠬᠤ︾᠎ ᠶᠢ ᠪᠠᠷᠢᠮᠲᠠᠯᠠᠵᠤ᠂ ᠪᠥᠬᠦ ᠬᠤᠰᠢᠭᠤᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠬᠦᠴᠦᠲᠡᠶ ᠠᠬᠢᠭᠤᠯᠵᠤ᠂ ᠡᠵᠡᠨ ᠬᠤᠷᠤᠭ᠎ᠠ ᠬᠤᠰᠢᠭᠤᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠬᠤ ᠵᠡᠷᠭᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ ᠬᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号