| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠪᠥᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠠᠮᠢᠶᠠᠷᠤᠯᠲᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠪᠠ ᠲᠡᠷᠢᠭᠦᠨ ᠤ ᠠᠵᠢᠯᠲᠠᠨ ᠢ ᠰᠢᠯᠭᠠᠷᠠᠭᠤᠯᠬᠤ | ᠱᠠᠭᠠᠷᠳᠠᠯᠭ᠎ᠠ ᠶᠢ ᠦᠨᠳᠦᠰᠦᠯᠡᠨ᠂ ᠳᠤᠤᠷ᠎ᠠ ᠠᠴᠠ ᠳᠡᠭᠡᠭᠰᠢ᠂ ᠱᠠᠲᠤ ᠳᠠᠷᠠᠭᠠᠯᠠᠨ ᠬᠢᠨᠠᠨ ᠬᠠᠷᠭᠤᠭᠤᠯᠵᠤ | ᠲᠠᠨᠢᠯᠴᠠᠭᠤᠯᠬᠤ᠂ ᠵᠥᠷᠢᠶᠡᠲᠦ ᠲᠤᠭ᠎ᠠ ᠪᠠᠷ ᠰᠢᠯᠭᠠᠷᠠᠭᠤᠯᠬᠤ᠂ ᠠᠷᠠᠳᠴᠢᠯᠠᠯ ᠢᠶᠠᠷ ᠰᠢᠯᠢᠳᠡᠭ ᠢ ᠨᠢ ᠰᠣᠩᠭᠤᠬᠤ | ᠠᠷᠭ᠎ᠠ ᠬᠡᠯᠪᠡᠷᠢ ᠪᠠᠷ᠂ ᠣᠲᠣ ᠡᠵᠡᠨ ᠬᠤᠷᠤᠭ᠎ᠠ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ ᠶᠢ ᠪᠥᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠰᠢᠰᠲ᠋ᠧᠮ ᠤᠨ | ᠲᠡᠷᠢᠭᠦᠨ ᠤ ᠬᠠᠮᠲᠤ ᠨᠡᠶᠢᠲᠡ ᠪᠠᠷ ᠲᠠᠨᠢᠯᠴᠠᠭᠤᠯᠬᠤ ᠡᠲᠡᠭᠡᠳ ᠢᠶᠠᠷ ᠲᠣᠭᠲᠠᠭᠠᠬᠤ ᠪᠠᠷ ᠪᠠᠶᠢᠨ᠎ᠠ᠃ | ᠠᠷᠠᠳᠴᠢᠯᠠᠯ ᠢ ᠬᠦᠢᠴᠡᠳ ᠪᠠᠳᠠᠷᠠᠭᠤᠯᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠶᠢᠨ ᠲᠥᠯᠥᠭᠡ᠂ ᠡᠳᠦᠭᠡ | ᠲᠠᠨᠢᠯᠴᠠᠭᠤᠯᠬᠤ ᠡᠲᠡᠭᠡᠳ ᠢ ᠵᠠᠷᠯᠠᠨ ᠨᠡᠶᠢᠲᠡᠯᠡᠪᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 2022 ᠣᠨ ᠤ 6 | ᠰᠠᠷ᠎ᠠ ᠶᠢᠨ 29 ᠤ ᠡᠳᠦᠷ ᠠᠴᠠ 7 ᠰᠠᠷ᠎ᠠ ᠶᠢᠨ 5 ᠤ ᠡᠳᠦᠷ ᠪᠣᠯᠤᠨ᠎ᠠ᠃ ᠶᠠᠮᠠᠷᠪᠠ ᠤᠨᠳᠤᠤ ᠰᠠᠨᠠᠯ ᠲᠠᠢ ᠨᠢᠬᠡᠴᠢ | ᠪᠤᠶᠤ ᠬᠤᠪᠢ ᠬᠥᠮᠦᠨ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠪᠢᠴᠢᠭ ᠢᠶᠠᠷ ᠨᠡᠷ᠎ᠡ ᠪᠢᠴᠢᠬᠦ ᠬᠡᠯᠪᠡᠷᠢ ᠪᠠᠷ ᠡᠵᠡᠨ | ᠬᠤᠷᠤᠭ᠎ᠠ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠳᠤᠷᠢᠳᠬᠤ ᠳᠤᠭᠤᠶᠢᠯᠠᠩ ᠤᠨ | ᠠᠯᠪᠠᠨ ᠬᠡᠷ ᠲᠤ ᠲᠤᠰᠬᠠᠵᠤ ᠪᠣᠯᠤᠨ᠎ᠠ᠂ ᠤᠨᠳᠤᠤ ᠰᠠᠨᠠᠯ ᠳᠤᠷᠠᠳᠬᠤ ᠳᠤ ᠦᠨᠡᠨ ᠨᠡᠷ᠎ᠡ ᠪᠠᠨ ᠪᠢᠴᠢᠬᠦ ᠪᠤᠶᠤ | ᠨᠢᠬᠡᠴᠢ ᠶᠢᠨ ᠲᠠᠮᠠᠭ᠎ᠠ ᠶᠢ ᠳᠠᠷᠤᠬᠤ ᠶᠢᠨ ᠬᠠᠮᠲᠤ ᠬᠠᠮᠢᠶ᠎ᠠ ᠪᠥᠬᠦᠶ ᠭᠡᠷᠡᠴᠢ ᠪᠠᠷᠢᠮᠲᠠ ᠬᠠᠩᠭᠠᠵᠤ᠂ ᠡᠰᠡ ᠲᠡᠭᠡᠪᠡᠯ | ᠭᠥᠯᠢᠶᠡᠨ ᠠᠪᠴᠤ ᠰᠢᠢᠳᠪᠦᠷᠢᠯᠡᠬᠦ ᠥᠬᠡᠶ᠃ ᠬᠠᠷᠢᠯᠴᠠᠬᠤ ᠤᠲᠠᠰᠤ᠄ 0477 ᠊᠊᠊ 8969210᠃ | ᠬᠠᠶ᠋ᠢᠭ᠄ ᠡᠵᠡᠨ ᠬᠤᠷᠤᠭ᠎ᠠ ᠬᠤᠰᠢᠭᠤᠨ ᠤ ᠠᠳᠠᠯ ᠦᠢᠯᠡᠰ ᠴᠣᠭᠴᠠᠯᠠᠬᠤ ᠲᠣᠮᠣ ᠠᠰᠠᠷ ᠤᠨ B ᠠᠰᠠᠷ 10 | ᠳ᠋ᠤᠭᠠᠷ ᠳᠠᠪᠬᠤᠷᠭ᠎ᠠ᠃ |