ᠪᠤᠭᠤᠳᠠᠢ ᠶᠢᠨ ᠦᠨ᠎ᠡ ᠬᠠᠩᠰᠢ 14 ᠵᠢᠯ ᠤᠨ ᠰᠢᠨ᠎ᠡ ᠲᠡᠮᠳᠡᠭᠯᠡᠯ ᠢ ᠡᠬᠦᠳᠪᠡ
ᠨᠡᠶᠢᠲᠡᠯᠡᠭᠰᠡᠨ ᠴᠠᠭ᠄
2022/7/28
    ᠷᠦᠲ᠋ᠧᠷ ᠬᠤᠷᠢᠶ᠎ᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂  ᠣᠷᠣᠰ ᠦᠺᠷᠡᠶᠢᠨ ᠬᠤᠶᠠᠷ ᠤᠯᠤᠰ ᠤᠨ ᠪᠣᠭᠤᠳᠠᠶ ᠶᠢᠨ ᠭᠠᠳᠠᠭᠠᠳᠤ  ᠳᠤ ᠭᠠᠷᠭᠠᠬᠤ ᠬᠡᠮᠵᠢᠶ᠎ᠡ ᠪᠥᠬᠦ ᠪᠥᠮᠪᠥᠷᠴᠡᠭ ᠤᠨ ᠪᠠᠷᠤᠭ 30 %᠎ ᠶᠢ ᠡᠵᠡᠯᠡᠵᠦ᠂ ᠡᠷᠳᠡᠨᠢ ᠰᠢᠰᠢ ᠶᠢᠨ ᠭᠠᠳᠠᠭᠠᠳᠤ ᠳᠤ ᠭᠠᠷᠭᠠᠬᠤ ᠬᠡᠮᠵᠢᠶ᠎ᠡ ᠪᠠᠷᠤᠭ 20 %᠎ ᠶᠢ ᠡᠵᠡᠯᠡᠵᠦ ᠪᠠᠶᠢᠨ᠎ᠠ᠃                   ᠦᠺᠷᠡᠶᠢᠨ ᠤ ᠪᠠᠶᠢᠳᠠᠯ ᠤᠨ ᠪᠠᠴᠢᠮ ᠪᠣᠯᠬᠤ ᠶᠢ ᠳᠠᠭᠠᠯᠳᠤᠨ᠂ ᠬᠠᠷ᠎ᠠ ᠲᠠᠩᠭᠢᠰ ᠤᠨ  ᠭᠠᠷᠠᠮ ᠤᠨ ᠠᠷᠠᠯᠵᠢᠶ᠎ᠠ  ᠬᠦᠨᠳᠦ ᠨᠣᠴᠢᠲᠠᠶ ᠬᠠᠷᠰᠢᠯᠠᠯ ᠳᠤ ᠤᠴᠠᠷᠠᠵᠤ᠂ ᠪᠣᠭᠤᠳᠠᠶ ᠵᠡᠷᠭᠡ ᠠᠮᠤ ᠪᠤᠳᠠᠭᠠᠨ ᠤ ᠦᠨ᠎ᠡ  ᠬᠠᠩᠰᠢ  ᠎ ᠶᠢ  ᠥᠰᠬᠡᠪᠡ᠃  ᠴᠢᠺᠠᠭᠤ᠋ ᠶᠢᠨ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠭᠠᠵᠠᠷ ᠤᠨ ᠪᠤᠭᠤᠳᠠᠢ ᠶᠢᠨ ᠦᠨ᠎ᠡ  ᠬᠠᠩᠰᠢ ᠨᠢ ᠤᠷᠤᠰ ᠦᠺᠷᠡᠶᠢᠨ 2 ᠰᠠᠷ᠎ᠠ ᠶᠢᠨ 24᠎ ᠤ ᠡᠳᠦᠷ ᠮᠥᠷᠭᠦᠯᠳᠦᠭᠡᠨ ᠭᠠᠷᠤᠭᠰᠠᠨ ᠠᠴᠠ ᠨᠠᠰᠢ᠂ ᠥᠰᠥᠯᠲᠡ ᠨᠢ 40 %᠎ ᠲᠤ ᠬᠦᠷᠴᠡᠢ᠃ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠳᠡᠯᠡᠬᠡᠶ ᠶᠢᠨ ᠠᠮᠤ ᠪᠤᠳᠠᠭᠠᠨ ᠤ ᠲᠥᠯᠥᠪᠯᠡᠭᠡ ᠶᠢᠨ ᠵᠠᠬᠢᠷᠭ᠎ᠠ ᠰᠡᠷᠡᠮᠵᠢᠯᠡᠭᠦᠯᠦᠭᠰᠡᠨ ᠨᠢ᠂  ᠣᠷᠣᠰ ᠦᠺᠷᠡᠶᠢᠨ ᠬᠤᠶᠠᠷ ᠤᠯᠤᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠰᠠᠮᠠᠭᠤᠷᠠᠯ ᠨᠢ ᠪᠥᠬᠦ ᠳᠡᠯᠡᠬᠡᠶ ᠶᠢᠨ ᠬᠡᠳᠦᠨ  ᠵᠠᠭᠤᠨ  ᠲᠦᠮᠡᠨ ᠠᠷᠠᠳ ᠢᠷᠭᠡᠨ ᠤ ᠠᠮᠤ ᠪᠤᠳᠠᠭᠠᠨ ᠤ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠬᠤ ᠪᠣᠯᠤᠨ᠎ᠠ ᠭᠡᠵᠡᠢ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ