| | ᠷᠦᠲ᠋ᠧᠷ ᠬᠤᠷᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠡᠭᠡᠭᠡᠨ ᠬᠥᠭᠵᠢᠭᠦᠯᠬᠦ ᠲᠥᠯᠦᠪᠵᠢᠭᠦᠯᠭᠡ ᠶᠢᠨ | ᠵᠠᠬᠢᠷᠭᠠᠨ ᠤ ᠰᠡᠭᠦᠯ ᠤᠨ ᠦᠶ᠎ᠡ ᠶᠢᠨ ᠮᠡᠳᠡᠭᠦᠯᠦᠯᠲᠡ ᠳᠤ ᠵᠢᠭᠠᠬᠤ ᠳᠠᠭᠠᠨ᠂ ᠪᠥᠬᠦ ᠳᠡᠯᠡᠬᠡᠶ ᠶᠢᠨ ᠬᠡᠪᠴᠢᠶᠡᠨ ᠳᠤ ᠠᠮᠢᠳᠤᠷᠠᠯ ᠤᠨ ᠥᠪᠡᠷ ᠤᠨ | ᠥᠷᠲᠡᠭ ᠤᠨ ᠬᠢᠮᠤᠷᠠᠯ ᠬᠡᠴᠡᠭᠦᠳᠡᠵᠦ᠂ ᠲᠦᠢᠯ ᠤᠨ ᠶᠠᠳᠠᠭᠤ ᠬᠦᠴᠢᠷᠲᠡᠢ ᠬᠥᠮᠦᠨ ᠠᠮᠠ ᠲᠦᠷᠭᠡᠨ ᠣᠯᠠᠰᠢᠷᠠᠵᠤ᠂ ᠳᠡᠯᠡᠬᠡᠶ ᠳᠡᠭᠡᠷᠡᠬᠢ ᠬᠠᠮᠤᠭ ᠤᠨ ᠶᠠᠳᠠᠭᠤ | ᠬᠦᠴᠢᠷᠲᠡᠢ ᠤᠯᠤᠰ ᠤᠨ 7100 ᠲᠦᠮᠡᠨ ᠠᠷᠠᠳ ᠢᠷᠭᠡᠳ ᠲᠦᠢᠯ ᠤᠨ ᠶᠠᠳᠠᠭᠤ ᠵᠦᠳᠡᠭᠦᠦ ᠪᠣᠯᠣᠭᠠᠳ ᠪᠠᠶᠢᠨ᠎ᠠ ᠭᠡᠯᠡ᠃ | ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠡᠶᠢᠲᠡᠯᠡᠭᠰᠡᠨ ᠮᠡᠳᠡᠭᠦᠯᠦᠯᠲᠡ ᠳᠤ ᠲᠡᠮᠳᠡᠭᠯᠡᠬᠦ ᠳᠡᠭᠡᠨ᠂ ᠣᠳᠣᠬᠠᠨ ᠳᠤ ᠠᠮᠢᠳᠤᠷᠠᠯ ᠤᠨ ᠥᠪᠡᠷ ᠤᠨ | ᠥᠷᠲᠡᠭ ᠤᠨ ᠬᠢᠮᠤᠷᠠᠯ ᠠᠴᠠ ᠪᠣᠯᠵᠤ 5100 ᠭᠠᠷᠤᠶ ᠲᠦᠮᠡᠨ ᠬᠥᠮᠦᠨ ᠡᠳᠦᠷ ᠪᠦᠷᠢ ᠵᠥᠪᠬᠡᠨ 1.9 ᠳ᠋ᠣᠯᠯᠠᠷ ᠤᠨ ᠵᠠᠷᠤᠳᠠᠯ ᠢᠶᠠᠷ ᠲᠦᠢᠯ ᠤᠨ ᠶᠠᠳᠠᠭᠤ | ᠵᠦᠳᠡᠭᠦᠦ ᠠᠮᠢᠳᠤᠷᠠᠵᠤ ᠮᠡᠳᠡᠬᠦ ᠪᠥᠭᠡᠳ ᠪᠠᠰᠠ 2000 ᠲᠦᠮᠡᠨ ᠬᠥᠮᠦᠨ ᠡᠳᠦᠷ ᠪᠦᠷᠢ 3.2 ᠳ᠋ᠣᠯᠯᠠᠷ ᠤᠨ ᠵᠠᠷᠤᠳᠠᠯ ᠢᠶᠠᠷ ᠶᠠᠳᠠᠭᠤ ᠵᠦᠳᠡᠭᠦᠦ | ᠠᠮᠢᠳᠤᠷᠠᠵᠤ ᠮᠡᠳᠡᠨ᠎ᠡ᠃ ᠳᠡᠯᠡᠬᠡᠢ ᠶᠢᠨ 17 ᠳ᠋ᠦᠩᠰᠢᠭᠤᠷ ᠭᠠᠷᠤᠢ ᠠᠷᠠᠳ ᠢᠷᠭᠡᠳ ᠠᠮᠢᠳᠤᠷᠠᠯ ᠤᠨ ᠥᠪᠡᠷ ᠤᠨ ᠦᠷᠳᠡᠭ ᠤᠨ ᠬᠢᠮᠤᠷᠠᠯ ᠳᠤ | ᠨᠥᠯᠥᠭᠡᠯᠡᠭᠳᠡᠬᠦ ᠪᠣᠯᠤᠨ᠎ᠠ ᠭᠡᠵᠡᠢ᠃ |