ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠦᠢᠯᠡᠴᠢᠯᠡᠭᠡᠨ ᠤ ᠲᠥᠪ
ᠨᠡᠶᠢᠲᠡᠯᠡᠭᠰᠡᠨ ᠴᠠᠭ᠄
2022/8/13
      ᠨᠢᠭᠡ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ       ︽ᠡᠵᠡᠨ ᠬᠤᠷᠤᠭ᠎ᠠ ᠬᠤᠰᠢᠭᠤᠨ ᠤ ᠳᠡᠳ᠋ ᠰᠠᠯᠠᠭᠠᠨ ᠲᠠᠰ ᠠᠴᠠ ᠳᠡᠭᠡᠭᠰᠢᠬᠢ ᠠᠵᠢᠯ ᠦᠢᠯᠡᠰ  ᠤᠨ ᠨᠢᠭᠡᠴᠡ ᠶᠢ ᠳᠠᠬᠢᠨ ᠪᠠᠶᠢᠭᠤᠯᠬᠤ ᠲᠤᠬᠠᠶ ᠣᠷᠳᠣᠰ ᠬᠤᠲᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠴᠣᠬᠤᠯᠠᠪᠤᠷᠢ︾ ︵ᠣᠷᠳᠣᠰ ᠮᠠᠰᠢᠨ ᠨᠠᠶᠢᠷᠠᠭᠤᠯᠤᠭᠰᠠᠨ ᠦᠰᠦᠭᠳᠦ  ︵2017︶ 209  ᠳ᠋ᠤᠭᠡᠷ ᠲᠣᠭᠠᠲᠤ︶᠎ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠡᠷ᠎ᠡ ᠶᠢ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠦᠢᠯᠡᠴᠢᠯᠡᠭᠡᠨ  ᠤ ᠲᠥᠪ ᠭᠡᠵᠦ  ᠵᠠᠰᠠᠪᠠ᠂ ᠡᠵᠡᠨ ᠬᠤᠷᠤᠭ᠎ᠠ ᠬᠤᠰᠢᠭᠤᠨ ᠤ ᠳᠠᠷᠤᠮᠠᠯᠯᠠᠨ ᠲᠠᠷᠬᠠᠭᠠᠭᠰᠠᠨ ︽ᠡᠵᠡᠨ ᠬᠤᠷᠤᠭ᠎ᠠ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾᠎ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃       ᠨᠢᠭᠡᠳᠦᠭᠡᠷ ᠵᠦᠢᠯ  ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ  ᠦᠢᠯᠡᠴᠢᠯᠡᠭᠡᠨ ᠤ ᠲᠥᠪ ᠪᠣᠯ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠷᠢᠶ᠎ᠠ ᠠᠵᠢᠯ ᠦᠢᠯᠡᠰ ᠤᠨ ᠨᠢᠭᠡᠴᠡ ᠪᠣᠯᠤᠨ᠎ᠠ᠂ ᠳᠡᠳ᠋ ᠰᠠᠯᠠᠭᠠᠨ ᠲᠠᠰ ᠤᠨ ᠪᠠᠶᠢᠭᠤᠯᠤᠮᠵᠢ ᠶᠢᠨ ᠲᠦᠷᠢᠮ ᠲᠠᠢ ᠲᠡᠩᠴᠡᠭᠦᠦ ᠠᠯᠪᠠᠨ ᠳᠤ ᠣᠷᠣᠯᠴᠠᠬᠤ ᠠᠵᠢᠯ  ᠦᠢᠯᠡᠰ ᠤᠨ ᠨᠢᠭᠡᠴᠡ ᠪᠠᠶᠢᠵᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠬᠠᠷᠢᠶᠠᠯᠠᠭᠳᠠᠨ᠎ᠠ᠃       ᠬᠤᠶᠠᠳᠤᠭᠠᠷ ᠵᠦᠢᠯ  ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ  ᠦᠢᠯᠡᠴᠢᠡᠯᠭᠡᠨ ᠤ ᠲᠥᠪ ᠨᠢ ᠲᠠᠷᠢᠶᠠᠯᠠᠩ ᠤᠨ ᠮᠠᠰᠢᠨ ᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠠᠪᠤᠴᠠ ᠳᠤ ᠲᠠᠷᠢᠶᠠᠯᠠᠩ ᠤᠨ ᠮᠠᠰᠢᠨ ᠤ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄       ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠲᠠᠷᠢᠶᠠᠯᠠᠩ ᠤᠨ ᠮᠠᠰᠢᠨᠴᠢᠯᠠᠯᠲᠠ ᠶᠢ ᠬᠥᠭᠵᠢᠭᠦᠯᠬᠦ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃       ︵ᠬᠤᠶᠠᠷ︶ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠠᠯᠤᠰ ᠬᠡᠲᠦ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠣᠬᠤᠷ ᠬᠤᠭᠤᠴᠠᠭᠠᠨ ᠤ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠭᠤᠷᠪᠠ︶ ᠪᠥᠬᠦ ᠬᠤᠰᠢᠭᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠦᠶ᠋ᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠨ ᠵᠢᠯᠣᠭᠤᠳᠴᠤ᠂ ᠲᠠᠷᠢᠶᠠᠯᠠᠩ ᠤᠨ ᠮᠠᠰᠢᠨ ᠤ ᠮᠡᠷᠭᠡᠵᠢᠯ ᠤᠨ ᠦᠶ᠋ᠯᠡᠴᠢᠯᠡᠭᠡ ᠬᠠᠩᠭᠠᠵᠤ᠂ ᠰᠢᠨ᠎ᠡ ᠮᠠᠰᠢᠨ ᠪᠠᠭᠠᠵᠢ᠂ ᠰᠢᠨ᠎ᠡ ᠮᠡᠷᠭᠡᠵᠢᠯ ᠢ ᠣᠷᠣᠭᠤᠯᠵᠤ ᠢᠷᠡᠬᠦ ᠪᠠ  ᠲᠦᠭᠡᠮᠡᠯᠵᠢᠬᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃       ︵ᠳᠥᠷᠪᠡ︶ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠠᠵᠢᠯ ᠢ ᠬᠡᠷᠡᠭᠵᠢᠭᠦᠯᠬᠦ ᠪᠠ ᠲᠠᠷᠢᠶᠠᠯᠠᠩ ᠤᠨ ᠮᠠᠰᠢᠨᠴᠢᠯᠠᠯᠲᠠ ᠶᠢᠨ ᠲᠥᠷᠥᠯ ᠵᠦᠢᠯ ᠢ ᠰᠢᠯᠢᠨ ᠰᠣᠩᠭᠤᠬᠤ᠂ ᠭᠤᠶᠤᠴᠢᠯᠠᠨ ᠮᠡᠳᠡᠭᠦᠯᠬᠦ ᠪᠠ ᠬᠡᠷᠡᠭᠵᠢᠭᠦᠯᠬᠦ ᠶᠢ ᠬᠠᠷᠢᠭᠤᠴᠠᠨ᠎ᠠ᠃       ︵ᠲᠠᠪᠤ︶ ᠲᠠᠷᠢᠶᠠᠯᠠᠩ ᠤᠨ ᠮᠠᠰᠢᠨ ᠤ ᠵᠢᠯᠣᠭᠤᠴᠢ᠂ ᠠᠵᠢᠯᠯᠠᠭᠴᠢ᠂ ᠮᠡᠷᠭᠡᠵᠢᠯ ᠤᠨ ᠰᠡᠯᠪᠢᠨ ᠵᠠᠰᠠᠭᠴᠢ ᠪᠣᠯᠤᠨ ᠪᠤᠰᠤᠳ ᠲᠠᠷᠢᠶᠠᠯᠠᠩ ᠤᠨ ᠮᠠᠰᠢᠨ ᠤ ᠵᠢᠯᠤᠭᠤᠴᠢ ᠎ ᠶᠢ ᠪᠣᠯᠪᠠᠰᠤᠷᠠᠭᠤᠯᠬᠤ᠂ ᠰᠢᠯᠭᠠᠵᠤ ᠦᠨᠡᠮᠯᠡᠯ ᠣᠯᠭᠤᠬᠤ ᠠᠵᠢᠯ ᠢ ᠬᠠᠷᠢᠭᠤᠴᠠᠨ᠎ᠠ᠃       ︵ᠵᠢᠷᠭᠤᠭ᠎ᠠ︶ ᠲᠷᠠᠺᠲ᠋ᠣᠷ / ᠬᠠᠳᠤᠵᠤ ᠬᠤᠷᠢᠶᠠᠬᠤ ᠎ ᠶᠢ ᠴᠤᠭᠴᠠᠵᠢᠭᠤᠯᠤᠭᠰᠠᠨ ᠮᠠᠰᠢᠨ ᠤ ᠳᠡᠩᠰᠡᠯᠡᠨ ᠲᠡᠮᠳᠡᠭᠯᠡᠬᠦ᠂ ᠦᠨᠡᠮᠯᠡᠯ ᠬᠦᠢᠴᠡᠳᠭᠡᠵᠦ ᠰᠢᠯᠭᠠᠨ ᠪᠠᠶᠢᠴᠠᠭᠠᠬᠤ ᠵᠡᠷᠭᠡ ᠲᠤᠬᠠᠶᠢᠯᠠᠭᠰᠠᠨ ᠠᠵᠢᠯ ᠢ ᠬᠠᠷᠢᠭᠤᠴᠠᠨ ᠥᠷᠨᠢᠭᠦᠯᠵᠦ᠂ ᠪᠥᠬᠦ ᠬᠤᠰᠢᠭᠤᠨ ᠤ ᠲᠠᠷᠢᠶᠠᠯᠠᠩ ᠤᠨ ᠮᠠᠰᠢᠨ ᠤ ᠠᠶᠤᠯ ᠥᠬᠡᠶ  ᠦᠢᠯᠡᠳᠪᠦᠷᠢᠯᠡᠯ ᠤᠨ ᠠᠵᠢᠯ ᠢ ᠵᠢᠯᠣᠭᠤᠳᠤᠨ᠎ᠠ᠃       ︵ᠳᠣᠯᠤᠭ᠎ᠠ︶ ᠲᠠᠷᠢᠶᠠᠯᠠᠩ ᠤᠨ ᠮᠠᠰᠢᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠪᠠ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠵᠤ᠂ ᠲᠠᠷᠢᠶᠠᠯᠠᠩ ᠤᠨ ᠮᠠᠰᠢᠨ ᠢ ᠰᠡᠯᠪᠢᠨ ᠵᠠᠰᠠᠬᠤ᠂ ᠬᠠᠩᠭᠠᠬᠤ᠂  ᠦᠢᠯᠡᠴᠢᠯᠡᠬᠦ ᠵᠣᠬᠢᠶᠠᠨ ᠪᠠᠶᠢᠭᠤᠯᠤᠯᠲᠠ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃       ︵  ᠨᠠᠢᠮᠠ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠵᠢᠴᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ  ᠵᠦᠢᠯᠡᠰ ᠢ ᠳᠠᠭᠠᠭᠠᠨ ᠬᠦᠢᠴᠡᠳᠭᠡᠨ᠎ᠡ᠃       ᠭᠤᠷᠪᠠᠳᠤᠭᠠᠷ ᠵᠦᠢᠯ  ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ   ᠦᠢᠯᠡᠴᠢᠯᠡᠭᠡᠨ ᠤ ᠲᠥᠪ ᠲᠤ ᠳᠤᠤᠷᠠᠬᠢ ᠮᠡᠲᠦ ᠳᠣᠲᠣᠭᠠᠳᠤ ᠪᠠᠶᠢᠭᠤᠯᠤᠮᠵᠢ ᠭᠠᠷᠭᠠᠬᠤ ᠬᠡᠷᠡᠭᠲᠡᠶ᠄       ︵ᠨᠢᠭᠡ︶ ᠠᠯᠪᠠᠨ ᠭᠡᠷ        ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠲᠠᠷᠢᠶᠠᠯᠠᠩ ᠤᠨ ᠮᠠᠰᠢᠨ ᠤ ᠰᠢᠰᠲ᠋ᠧᠮ ᠤᠨ ᠡᠳ᠋ ᠤᠨ ᠶᠠᠪᠤᠳᠠᠯ ᠪᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠡᠳ᠋ ᠪᠣᠳᠠᠰ ᠲᠣᠨᠤᠭ ᠲᠥᠬᠦᠭᠡᠷᠦᠮᠵᠢ ᠪᠠ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠬᠤᠶᠠᠷ︶ ᠲᠠᠷᠢᠶᠠᠯᠠᠩ ᠤᠨ ᠮᠠᠰᠢᠨ ᠳᠡᠯᠭᠡᠷᠡᠭᠦᠯᠬᠦ ᠥᠷᠲᠡᠭᠡ       ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠮᠡᠷᠭᠡᠵᠢᠯ ᠤᠨ ᠪᠣᠯᠪᠠᠰᠤᠷᠠᠭᠤᠯᠤᠯ ᠢ ᠬᠠᠷᠢᠭᠤᠴᠠᠨ᠎ᠠ︔ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ︔ ᠲᠠᠷᠢᠶᠠᠯᠠᠩ ᠤᠨ ᠮᠠᠰᠢᠨ ᠤ ᠠᠵᠢᠯ ᠲᠥᠷᠥᠯ ᠤᠨ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢ ᠬᠢᠨᠠᠨ ᠲᠣᠭᠲᠠᠭᠠᠬᠤ ᠮᠡᠷᠭᠡᠵᠢᠯ ᠤᠨ ᠴᠢᠨᠠᠷᠲᠠᠶ ᠠᠵᠢᠯ ᠢ ᠡᠭᠦᠷᠭᠡᠯᠡᠨ᠎ᠡ︔ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠪᠠᠷᠢᠮᠵᠢᠶᠠᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ︔ ᠲᠠᠷᠢᠶᠠᠯᠠᠩ ᠤᠨ ᠮᠠᠰᠢᠨ ᠤ ᠠᠵᠢᠯ ᠲᠥᠷᠥᠯ ᠤᠨ ᠰᠢᠨᠵᠢᠯᠡᠭᠡᠨ ᠤ ᠨᠡᠶᠢᠭᠡᠮᠯᠢᠭ᠂ ᠨᠡᠶᠢᠭᠡᠮᠯᠢᠭ ᠤᠨ ᠬᠠᠷᠢᠯᠴᠠᠵᠤ ᠵᠣᠬᠢᠴᠠᠭᠤᠯᠬᠤ ᠠᠵᠢᠯ ᠢ ᠡᠭᠦᠷᠭᠡᠯᠡᠨ᠎ᠡ︔ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠰᠢᠨ᠎ᠡ ᠮᠠᠰᠢᠨ ᠪᠠᠭᠠᠵᠢ᠂ ᠰᠢᠨ᠎ᠡ ᠮᠡᠷᠭᠡᠵᠢᠯ ᠢ ᠣᠷᠣᠭᠤᠯᠵᠤ ᠢᠷᠡᠬᠦ᠂ ᠲᠤᠷᠰᠢᠬᠤ᠂ ᠵᠢᠱᠢᠶ᠎ᠡ ᠦᠵᠡᠭᠦᠯᠬᠦ᠂ ᠳᠡᠯᠭᠡᠷᠡᠭᠦᠯᠬᠦ ᠠᠵᠢᠯ ᠢ ᠡᠭᠦᠷᠭᠡᠯᠡᠨ᠎ᠡ︔ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠰᠠᠯᠠᠭᠠᠨ ᠤ ᠲᠠᠰ ᠤᠨ ᠵᠢᠱᠢᠶ᠎ᠡ ᠦᠵᠡᠭᠦᠯᠬᠦ ᠲᠥᠷᠥᠯ  ᠵᠦᠢᠯ ᠢ ᠳᠡᠯᠭᠡᠷᠡᠭᠦᠯᠬᠦ ᠠᠵᠢᠯ ᠢ ᠡᠭᠦᠷᠭᠡᠯᠡᠨ᠎ᠡ᠃       ︵ᠭᠤᠷᠪᠠ︶ ᠲᠠᠷᠢᠶᠠᠯᠠᠩ ᠤᠨ ᠮᠠᠰᠢᠨ ᠤ ᠬᠢᠨᠠᠯᠲᠠ ᠬᠠᠮᠢᠶᠠᠷᠤᠯᠲᠠ ᠶᠢᠨ ᠥᠷᠲᠡᠭᠡ      ᠲᠷᠠᠺᠲ᠋ᠣᠷ᠂ ᠬᠠᠮᠲᠤᠷᠠᠨ ᠬᠤᠷᠢᠶᠠᠬᠤ ᠮᠠᠰᠢᠨ ᠢ ᠳᠠᠩᠰᠠᠯᠠᠨ ᠲᠡᠮᠳᠡᠭᠯᠡᠬᠦ ︵ᠬᠤᠪᠢᠷᠠᠭᠠᠬᠤ︶᠂ ᠫᠠᠶᠢᠰᠠ ᠦᠨᠡᠮᠯᠡᠯ ᠣᠯᠭᠤᠬᠤ᠂ ᠠᠶᠤᠯ ᠦᠭᠡᠶ ᠶᠢᠨ ᠪᠠᠶᠢᠴᠠᠭᠠᠯᠲᠠ ᠬᠢᠬᠦ ᠵᠡᠷᠭᠡ ᠰᠠᠭᠤᠷᠢ ᠴᠢᠨᠠᠷᠲᠠᠶ᠂ ᠮᠡᠷᠭᠡᠵᠢᠯ ᠤᠨ ᠴᠢᠨᠠᠷᠲᠠᠶ ᠠᠵᠢᠯ ᠢ ᠬᠠᠷᠢᠭᠤᠴᠠᠨ᠎ᠠ︔ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠠᠶᠤᠯ ᠦᠭᠡᠶ ᠦᠢᠯᠡᠳᠪᠦᠷᠢᠯᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠲᠷᠠᠺᠲ᠋ᠣᠷ᠂ ᠬᠠᠮᠲᠤᠷᠠᠭᠰᠠᠨ ᠵᠢᠯᠣᠭᠤᠴᠢ ᠶᠢᠨ ᠪᠣᠯᠪᠠᠰᠤᠷᠠᠭᠤᠯᠤᠯ ᠤᠬᠠᠭᠤᠯᠭ᠎ᠠ ᠶᠢᠨ ᠠᠵᠢᠯ ᠢ ᠥᠷᠨᠢᠭᠦᠯᠦᠨ᠎ᠡ︔ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠲᠷᠠᠺᠲ᠋ᠣᠷ᠂ ᠬᠠᠮᠲᠤᠷᠠᠨ ᠬᠤᠷᠢᠶᠠᠬᠤ ᠮᠠᠰᠢᠨ ᠤ ᠵᠢᠯᠣᠭᠤᠴᠢ ᠶᠢ ᠬᠢᠨᠠᠨ ᠰᠢᠯᠭᠠᠬᠤ᠂ ᠵᠢᠯᠣᠭᠤᠳᠬᠤ ᠦᠨᠡᠮᠯᠡᠯ ᠣᠯᠭᠤᠬᠤ ᠪᠠ ᠬᠢᠨᠠᠨ ᠰᠢᠯᠭᠠᠬᠤ ᠠᠵᠢᠯ ᠢ ᠥᠷᠨᠢᠭᠦᠯᠦᠨ᠎ᠡ᠃      ︵ᠳᠥᠷᠪᠡ︶ ᠲᠠᠷᠢᠶᠠᠯᠠᠩ ᠤᠨ ᠮᠠᠰᠢᠨ ᠤ  ᠦᠢᠯᠡᠳᠬᠦᠨ ᠤ ᠶᠠᠰᠤ ᠴᠢᠨᠠᠷ ᠢ ᠵᠠᠭᠠᠯᠳᠤᠬᠤ ᠥᠷᠲᠡᠭᠡ       ᠲᠠᠷᠢᠶᠠᠯᠠᠩ ᠤᠨ ᠮᠠᠰᠢᠨ ᠤ ᠦᠢᠯᠡᠳᠬᠦᠨ ᠤ ᠶᠠᠰᠤ ᠴᠢᠨᠠᠷ ᠤᠨ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠬᠠᠷᠢᠭᠤᠴᠠᠨ᠎ᠠ︔ ᠠᠵᠢᠯ ᠲᠥᠷᠥᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠬᠠᠤᠯᠢ ᠶᠣᠰᠣᠭᠠᠷ ᠶᠠᠰᠤ ᠴᠢᠨᠠᠷ ᠤᠨ ᠵᠢᠭᠤᠷᠠᠯᠳᠤᠭᠠᠨ ᠢ ᠡᠶᠡᠳᠡᠭᠦᠯᠦᠨ᠎ᠡ︔ ᠲᠠᠷᠢᠶᠠᠯᠠᠩ ᠤᠨ ᠮᠠᠰᠢᠨ ᠤ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ᠂ ᠰᠢᠯᠭᠠᠨ ᠪᠠᠶᠢᠴᠠᠭᠠᠬᠤ᠂ ᠪᠠᠶᠢᠴᠠᠭᠠᠯᠲᠠ ᠬᠢᠬᠦ ᠳᠤ ᠮᠡᠷᠭᠡᠵᠢᠯ ᠤᠨ ᠳᠡᠮᠵᠢᠯᠭᠡ ᠬᠠᠩᠭᠠᠬᠤ ᠬᠡᠷᠡᠭᠲᠡᠶ       ᠳᠥᠷᠪᠡᠳᠦᠭᠡᠷ ᠵᠦᠢᠯ  ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠦᠢᠯᠡᠴᠢᠯᠡᠭᠡᠨ ᠤ ᠲᠥᠪ 5 ᠠᠵᠢᠯ ᠦᠢᠯᠡᠰ ᠤᠨ ᠣᠷᠣᠨ ᠲᠤᠭ᠎ᠠ ᠶᠢ ᠬᠢᠨᠠᠨ ᠲᠣᠭᠲᠠᠭᠠᠵᠤ᠂ 1 ᠡᠷᠬᠢᠯᠡᠭᠴᠢ ᠭᠠᠷᠭᠠᠨ᠎ᠠ᠃ ᠲᠤᠰᠬᠠᠶ ᠮᠡᠷᠭᠡᠵᠢᠯ ᠤᠨ ᠠᠵᠢᠯᠲᠠᠨ ᠤ ᠡᠵᠡᠯᠡᠬᠦ ᠬᠠᠷᠢᠴᠠᠯ ᠢ 60 %᠎ ᠠᠴᠠ ᠳᠣᠣᠷ᠎ᠠ ᠪᠠᠶᠢᠯᠭᠠᠵᠤ ᠪᠣᠯᠬᠤ ᠦᠭᠡᠶ᠂ ᠬᠠᠮᠢᠶᠠᠷᠤᠯᠲᠠ᠂ ᠦᠢᠯᠡᠴᠢᠯᠡᠭᠡᠨ ᠤ ᠠᠵᠢᠯᠲᠠᠨ ᠤ ᠡᠵᠡᠯᠡᠬᠦ ᠬᠠᠷᠢᠴᠠᠯ ᠢ 40 %᠎ ᠠᠴᠠ ᠬᠡᠲᠦᠷᠡᠭᠦᠯᠵᠦ ᠪᠣᠯᠬᠤ ᠦᠭᠡᠶ᠃       ᠲᠠᠪᠤᠳᠤᠭᠠᠷ ᠵᠦᠢᠯ  ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠨ ᠬᠤᠷᠤᠭ᠎ᠠ ᠬᠤᠰᠢᠭᠤᠨ ᠤ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠨ᠎ᠠ᠂ ᠲᠡᠭᠦᠨ ᠤ ᠲᠣᠬᠢᠷᠠᠭᠤᠯᠤᠯᠲᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠨ ᠬᠤᠷᠤᠭ᠎ᠠ ᠬᠤᠰᠢᠭᠤᠨ ᠤ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠬᠡᠷ ᠠᠴᠠ ᠲᠣᠭᠲᠠᠭᠰᠠᠨ ᠲᠠᠰ ᠳᠠᠷᠠᠭᠠᠯᠠᠯ ᠢᠶᠠᠷ  ᠬᠦᠢᠴᠡᠳᠭᠡᠨ᠎ᠡ᠃       ᠵᠢᠷᠭᠤᠳᠤᠭᠠᠷ ᠵᠦᠢᠯ  ᠲᠣᠰ ᠲᠣᠭᠲᠠᠭᠠᠯ ᠢ 2017 ᠣᠨ ᠤ 9 ᠳ᠋ᠤᠭᠡᠷ ᠰᠠᠷ᠎ᠠ ᠶᠢᠨ 20᠎ ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃           ᠬᠤᠶᠠᠷ᠂ ᠳᠣᠲᠣᠭᠠᠳᠤ ᠪᠠᠶᠢᠭᠤᠯᠤᠮᠵᠢ       ᠠᠯᠪᠠᠨ ᠬᠡᠷ᠂ ᠲᠠᠷᠢᠶᠠᠯᠠᠩ ᠤᠨ ᠮᠠᠰᠢᠨ  ᠲᠦᠭᠡᠮᠡᠯᠵᠢᠬᠦᠯᠬᠦ ᠥᠷᠲᠡᠭᠡ᠂ ᠲᠠᠷᠢᠶᠠᠯᠠᠩ ᠤᠨ ᠮᠠᠰᠢᠨ ᠤ ᠬᠢᠨᠠᠨ ᠬᠠᠮᠢᠶᠠᠷᠬᠤ ᠥᠷᠲᠡᠭᠡ᠂ ᠲᠠᠷᠢᠶᠠᠯᠠᠩ ᠤᠨ ᠮᠠᠰᠢᠨ ᠤ  ᠦᠢᠯᠡᠳᠬᠦᠨ ᠤ ᠶᠠᠰᠤ ᠴᠢᠨᠠᠷ ᠤᠨ ᠵᠠᠭᠠᠯᠳᠤᠯᠭ᠎ᠠ ᠶᠢᠨ ᠥᠷᠲᠡᠭᠡ       ᠭᠤᠷᠪᠠ᠂ ᠠᠵᠢᠯᠯᠠᠬᠤ ᠬᠠᠶ᠋ᠢᠭ        ᠡᠵᠡᠨ ᠬᠤᠷᠤᠭ᠎ᠠ ᠬᠤᠰᠢᠭᠤᠨ ᠤ  ᠦᠢᠯᠡᠰ ᠪᠦᠲᠦᠭᠡᠬᠦ ᠲᠣᠮᠣ ᠠᠰᠠᠷ ᠤᠨ C ᠠᠰᠠᠷ 12 ᠳᠠᠪᠬᠤᠷᠯᠢᠭ      ᠳᠥᠷᠪᠡ᠂ ᠠᠵᠢᠯᠯᠠᠬᠤ ᠴᠠᠭ       ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ᠄ 8᠄ 30—12᠄ 00᠂ ᠦᠳᠡ ᠶᠢᠨ ᠬᠤᠶᠢᠨ᠎ᠠ᠄ 14᠄ 30—17᠄ 30 ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ       ᠲᠠᠪᠤ᠂ ᠨᠢᠭᠡᠴᠡ ᠶᠢᠨ ᠬᠠᠷᠢᠯᠴᠠᠬᠤ ᠠᠷᠭ᠎ᠠ ᠮᠠᠶ᠋ᠢᠭ       0477 - 868120       ᠵᠢᠷᠭᠤᠭ᠎ᠠ᠂ ᠨᠢᠭᠡᠴᠡ ᠶᠢᠨ ᠭᠤᠣᠯ ᠬᠠᠷᠢᠭᠤᠴᠠᠯᠭᠠᠲᠠᠨ       ᠸᠠᠩ  ᠶᠦᠡᠭ ᠹᠧᠩ
ᠢᠷᠡᠯᠲᠡ᠄ ᠲᠤᠰ ᠰᠦᠯᠵᠢᠶ᠎ᠡ