ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠠ ᠶᠢᠨ ᠢᠯᠴᠢ ᠬᠠᠩᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ《 ᠡᠷᠬᠢᠨ ᠬᠠᠷᠠᠬᠤ 》 ᠠᠵᠢᠯᠯᠠᠭ᠎ᠠ ᠶᠢ ᠭᠦᠨᠵᠡᠭᠡᠶ ᠥᠷᠨᠢᠭᠦᠯᠪᠡ
ᠨᠡᠶᠢᠲᠡᠯᠡᠭᠰᠡᠨ ᠴᠠᠭ᠄
2022/8/23
     ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠎ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ ᠦᠷᠭᠦᠯᠵᠢᠯᠡᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠷᠢᠵᠤ᠂ ᠡᠮᠦᠨ᠎ᠡ ᠬᠡᠰᠡᠭ ᠬᠤᠭᠤᠴᠠᠭᠠᠨ ᠳᠤ ᠬᠤᠲᠠ ᠶᠢᠨ ᠢᠯᠴᠢ ᠬᠠᠩᠭᠠᠬᠤ ᠠᠵᠤ ᠠᠬᠤᠶᠢᠯᠠᠯ ᠤᠨ ᠠᠮᠤᠷ ᠲᠦᠪᠰᠢᠨ ᠠᠵᠢᠯᠯᠠᠭᠠᠨ ᠤ ᠲᠤᠰᠬᠠᠶ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠎ ᠳᠤ 《 ᠡᠷᠭᠢᠵᠦ ᠬᠠᠷᠠᠬᠤ 》 ᠠᠵᠢᠯᠯᠠᠭ᠎ᠠ ᠥᠷᠨᠢᠭᠦᠯᠪᠡ  ᠃      ᠪᠠᠶᠢᠴᠠᠭᠠᠬᠤ ᠳᠤᠭᠤᠶᠢᠯᠠᠩ ᠨᠢ ᠡᠯ᠎ᠡ ᠢᠯᠴᠢ ᠬᠠᠩᠭᠠᠬᠤ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ᠂ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠬᠤ᠂ ᠠᠵᠢᠯᠯᠠᠬᠤ ᠲᠦᠷᠢᠮ ᠢ ᠬᠡᠷᠡᠭᠵᠢᠭᠦᠯᠬᠦ᠂ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠪᠠ ᠰᠣᠷᠢᠯᠲᠠ ᠬᠢᠬᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ᠂ ᠭᠦᠸᠧᠯᠦ ᠶᠢᠨ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ᠂ ᠢᠯᠴᠢ ᠬᠠᠩᠭᠠᠬᠤ ᠬᠡᠷᠡᠭᠯᠡᠭᠴᠢᠳ ᠤᠨ ᠬᠡᠷ ᠳᠣᠲᠣᠷᠠᠬᠢ ᠳᠤᠯᠠᠭᠠᠨ ᠤ ᠬᠡᠮᠵᠢᠶ᠎ᠡ᠂ ᠢᠯᠴᠢ ᠬᠠᠩᠭᠠᠬᠤ ᠬᠤᠭᠤᠯᠠᠶ ᠲᠣᠤᠷ ᠢ ᠲᠣᠭᠤᠷᠢᠨ ᠪᠠᠶᠢᠴᠠᠭᠠᠬᠤ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ 《 ᠡᠷᠭᠢᠵᠦ ᠪᠠᠶᠢᠴᠠᠭᠠᠬᠤ 》᠎ ᠪᠠᠷ ᠭᠤᠤᠯᠳᠠᠭᠤᠯᠤᠨ᠎ᠠ  ᠃      ᠪᠠᠶᠢᠴᠠᠭᠠᠬᠤ ᠳᠤᠭᠤᠶᠢᠯᠠᠩ ᠠᠴᠠ ᠡᠯ᠎ᠡ ᠢᠯᠴᠢ ᠬᠠᠩᠭᠠᠬᠤ ᠠᠵᠤ ᠠᠬᠤᠶᠢᠯᠠᠯ ᠢ ᠮᠥᠷᠳᠡᠨ ᠬᠢᠨᠠᠨ ᠵᠢᠯᠣᠭᠤᠳᠬᠤ ᠪᠠ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠳᠬᠠᠵᠤ᠂ ᠢᠯᠴᠢ ᠬᠠᠩᠭᠠᠵᠤ ᠪᠠᠶᠢᠴᠠᠭᠠᠨ ᠵᠠᠰᠠᠬᠤ ᠪᠠᠶᠢᠳᠠᠯ ᠢ ᠴᠠᠭ ᠲᠤᠬᠠᠶ ᠳᠤᠨᠢ ᠲᠣᠬᠢᠷᠠᠭᠤᠯᠵᠤ᠂ ᠢᠯᠴᠢ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠬᠠᠷᠢᠭᠤ ᠰᠤᠷᠪᠤᠯᠵᠢᠯᠠᠬᠤ ᠪᠠᠨ ᠴᠢᠩᠭᠠᠳᠬᠠᠵᠤ᠂ ᠡᠷᠦᠬᠡ ᠳᠣᠲᠣᠷᠠᠬᠢ ᠳᠤᠯᠠᠭᠠᠨ ᠤ ᠬᠡᠮᠵᠢᠶ᠎ᠡ ᠨᠢ ᠲᠣᠭᠲᠠᠭᠠᠭᠰᠠᠨ ᠱᠠᠭᠠᠷᠳᠠᠯᠭ᠎ᠠ ᠳᠤ ᠬᠦᠷᠦᠭᠰᠡᠨ ᠡᠰᠡᠬᠦ ᠶᠢ ᠣᠶᠢᠯᠠᠭᠠᠵᠤ᠂ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠢᠯᠴᠢ ᠬᠠᠩᠭᠠᠬᠤ ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号