ᠡᠵᠡᠨ ᠬᠤᠷᠤᠭ᠎ᠠ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠎ ᠶᠢᠨ ᠠᠵᠢᠯ ᠬᠢᠯᠠᠯᠵᠠᠮ᠎ᠠ  ᠬᠢᠷᠢ ᠪᠦᠳᠦᠮᠵᠢ ᠤᠯᠪᠠ
ᠨᠡᠶᠢᠲᠡᠯᠡᠭᠰᠡᠨ ᠴᠠᠭ᠄
2022/8/23
     2021 ᠣᠨ ᠳᠤ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠎ ᠶᠢᠨ ᠲᠣᠪᠴᠢᠶ᠎ᠠ ᠠᠵᠢᠯ ᠣᠯᠭᠤᠵᠤ ᠦᠶᠯᠡᠰ ᠴᠣᠭᠴᠠᠯᠠᠬᠤ᠂ ᠨᠡᠶᠢᠭᠡᠮ ᠤᠨ ᠪᠠᠲᠤᠯᠠᠭ᠎ᠠ᠂ ᠠᠵᠢᠯᠲᠠᠨ ᠤ ᠶᠠᠪᠤᠳᠠᠯ ᠴᠢᠳᠠᠪᠤᠷᠢᠲᠠᠨ᠂ ᠬᠥᠳᠡᠯᠮᠦᠷᠢ ᠶᠢᠨ ᠬᠠᠷᠢᠴᠠᠭ᠎ᠠ ᠵᠡᠷᠭᠡ ᠠᠵᠢᠯ ᠤᠨ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠢᠳᠡᠪᠬᠢᠲᠡᠶ ᠲᠥᠯᠥᠪᠵᠢᠭᠦᠯᠵᠦ᠂ ᠨᠠᠷᠢᠨ ᠨᠢᠮᠪᠠᠶ ᠪᠠᠶᠢᠷᠢᠯᠠᠭᠤᠯᠤᠨ᠂ ᠬᠦᠴᠦᠲᠡᠶ ᠠᠬᠢᠭᠤᠯᠵᠤ᠂ ᠡᠯ᠎ᠡ ᠵᠦᠶᠯ ᠤᠨ ᠠᠵᠢᠯ ᠦᠨᠡᠨ ᠪᠣᠳᠠᠲᠠᠶ ᠦᠷ᠎ᠡ ᠪᠦᠲᠦᠮᠵᠢ ᠤᠯᠪᠠ  ᠃      ᠠᠵᠢᠯ ᠣᠯᠭᠤᠬᠤ ᠦᠶᠯᠡᠰ ᠪᠣᠰᠬᠠᠬᠤ ᠲᠠᠯ᠎ᠠ ᠪᠠᠷ  ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ  ᠬᠡᠷᠡᠭᠵᠢᠬᠦᠯᠪᠡ᠃ ᠠᠵᠢᠯ ᠢᠶᠠᠷ ᠪᠣᠯᠪᠠᠰᠤᠷᠠᠭᠤᠯᠤᠯ ᠢ ᠣᠷᠣᠯᠠᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠯ᠎ᠡ ᠲᠥᠷᠥᠯ ᠤᠨ ᠨᠥᠬᠦᠪᠥᠷᠢ ᠶᠢ 1081 ᠲᠦᠮᠡᠨ ᠲᠥᠭᠦᠷᠢᠭ ᠲᠠᠷᠬᠠᠭᠠᠵᠤ᠂ 3124 ᠠᠵᠤ ᠠᠬᠤᠶᠢᠯᠠᠯ᠂ 11362 ᠬᠥᠮᠦᠨ ᠳᠤ ᠠᠰᠢᠭ ᠬᠦᠷᠲᠡᠭᠡᠪᠡ  ᠃ ᠠᠵᠢᠯ ᠣᠯᠭᠤᠯᠲᠠ ᠶᠢ ᠪᠠᠲᠤᠯᠠᠬᠤ 《 ᠬᠠᠰᠤᠬᠤ᠂ ᠬᠡᠯᠲᠦᠷᠢᠭᠦᠯᠬᠦ᠂ ᠪᠤᠴᠠᠭᠠᠬᠤ᠂ ᠬᠤᠶᠢᠰᠢᠯᠠᠭᠤᠯᠬᠤ᠂ ᠨᠥᠬᠦᠪᠥᠷᠢᠯᠡᠬᠦ 》 ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠵᠠᠷᠤᠳᠠᠯ ᠢ 2 ᠳ᠋ᠦᠩᠰᠢᠭᠤᠷ ᠭᠠᠷᠤᠶ ᠲᠥᠭᠦᠷᠢᠭ ᠬᠠᠰᠤᠵᠤ ᠬᠡᠯᠲᠦᠷᠢᠭᠦᠯᠵᠦ᠂ ᠪᠤᠴᠠᠭᠠᠪᠠ  ᠃ ᠬᠤᠪᠢ ᠪᠠᠢ ᠢᠶᠠᠨ ᠦᠢᠯᠡᠰ ᠪᠦᠲᠦᠭᠡᠬᠦ ᠪᠠ ᠪᠠᠭ᠎ᠠ ᠵᠢᠵᠢᠭ ᠠᠵᠤ ᠠᠬᠤᠢᠯᠠᠯ ᠤᠨ ᠠᠵᠢᠯ ᠣᠯᠬᠤ ᠶᠢ ᠳᠠᠮᠵᠢᠵᠤ᠂ 1144 ᠲᠦᠮᠡᠨ ᠲᠥᠭᠦᠷᠢᠭ ᠤᠨ ᠦᠢᠯᠡᠰ ᠪᠦᠲᠦᠭᠡᠬᠦ ᠵᠢᠭᠡᠯᠡᠯᠭᠡ ᠲᠠᠯᠪᠢᠪᠠ  ᠃ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠲᠤᠪᠤᠶᠢᠮ᠎ᠠ ᠰᠠᠶᠢᠲᠤᠷ  ᠠᠳᠬᠤᠪᠠ᠃ ᠪᠦᠬᠦ ᠬᠤᠰᠢᠭᠤᠨ ᠎ ᠤ ᠬᠤᠲᠠ ᠪᠠᠯᠭᠠᠰᠤᠨ ᠤ 2484 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ 677 ᠬᠥᠮᠦᠨ ᠳᠤ ᠳᠠᠬᠢᠨ ᠠᠵᠢᠯ ᠣᠯᠭᠤᠵᠤ᠂ ᠬᠤᠲᠠ ᠪᠠᠯᠭᠠᠰᠤᠨ ᠤ 150 ᠬᠥᠮᠦᠨ ᠳᠤ ᠠᠵᠢᠯ ᠣᠯᠭᠤᠵᠤ᠂ 15400 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 2 . 7 %᠎ ᠳᠤ ᠬᠢᠵᠠᠭᠠᠷᠯᠠᠨ᠂ ᠠᠵᠢᠯ ᠲᠠᠢ ᠬᠥᠮᠦᠨ ᠦᠭᠡᠢ ᠭᠡᠷ ᠪᠦᠯᠢ ᠶᠢ ᠬᠥᠳᠡᠯᠦᠩᠭᠦᠢ ᠪᠠᠷ ᠠᠵᠢᠯ ᠣᠯᠭᠤᠵᠤ᠂ ᠪᠦᠬᠦ ᠬᠤᠰᠢᠭᠤᠨ ᠤ ᠠᠵᠢᠯ ᠣᠯᠭᠤᠯᠲᠠ ᠶᠢᠨ ᠪᠠᠶᠢᠳᠠᠯ ᠢ ᠶᠡᠷᠦᠩᠬᠡᠢ ᠳᠤᠨᠢ ᠲᠣᠭᠲᠠᠭᠤᠨ ᠪᠠᠶᠢᠯᠭᠠᠪᠠ᠃      ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ᠂ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠳᠤ ᠬᠦᠴᠢᠷᠳᠡᠯᠲᠡᠶ ᠪᠦᠯᠬᠦᠮ ᠨᠡᠶᠢᠳᠡ  ᠎ ᠶᠢ ᠦᠷᠭᠦᠯᠵᠢᠯᠡᠨ ᠣᠷᠣᠯᠠᠨ ᠲᠤᠰᠢᠶᠠᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠤ ᠬᠠᠮᠲᠤ ᠳᠤᠨᠢ  ᠬᠦᠷᠳᠡᠭᠡᠪᠡ᠃ 2021 ᠣᠨ ᠤ ᠡᠴᠦᠰ ᠪᠣᠯᠲᠠᠯ᠎ᠠ᠂ ᠪᠥᠬᠦ ᠬᠤᠰᠢᠭᠤᠨ ᠤ ᠨᠠᠰᠤᠵᠢᠯ ᠤᠨ ᠠᠰᠠᠷᠠᠮᠵᠢ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠯᠲᠠ ᠶᠢᠨ ᠳᠠᠭᠠᠳᠬᠠᠯ ᠎ ᠳᠤ ᠣᠷᠣᠯᠴᠠᠭᠰᠠᠨ ᠬᠥᠮᠦᠨ ᠤ ᠲᠤᠭ᠎ᠠ 19 . 6 ᠲᠦᠮᠡᠨ ᠬᠥᠮᠦᠨ ᠤᠳᠠᠭ᠎ᠠ ᠳᠤ ᠬᠦᠷᠴᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ ᠬᠥᠮᠦᠨ ᠤ ᠲᠤᠭ᠎ᠠ 12 . 9 ᠲᠦᠮᠡ ᠳᠤ ᠬᠦᠷᠴᠦ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠲᠣᠭᠲᠠᠭᠤᠨ ᠢᠶᠠᠷ ᠠᠬᠢᠭᠤᠯᠪᠠ  ᠃ ᠠᠵᠤ ᠠᠬᠤᠶᠢᠯᠠᠯ᠂ ᠠᠯᠪᠠᠨ ᠪᠠᠶᠢᠭᠤᠯᠭ᠎ᠠ ᠠᠵᠢᠯ ᠦᠶᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ 17 ᠵᠢᠯ ᠳᠠᠷᠠᠭᠠᠯᠠᠨ ᠨᠡᠮᠡᠭᠳᠡᠵᠦ᠂ ᠡᠯ᠎ᠡ ᠵᠦᠶᠯ ᠤᠨ ᠨᠡᠶᠢᠭᠡᠮ ᠎ ᠤᠨ ᠳᠠᠭᠠᠳᠬᠠᠯ ᠤᠨ ᠬᠠᠷᠠᠭᠠᠯᠵᠠᠯ ᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠵᠤ᠂ ᠠᠷᠠᠳ ᠣᠯᠠᠨ ᠤ ᠠᠰᠢᠭ ᠭᠥᠷᠳᠡᠭᠰᠡᠨ ᠲᠥᠷᠥᠭᠳᠡᠯ ᠲᠠᠰᠤᠷᠠᠯᠲᠠ ᠥᠬᠡᠶ ᠳᠡᠭᠡᠭᠰᠢᠯᠡᠪᠡ  ᠃      ᠠᠵᠢᠯᠲᠠᠨ ᠤ ᠶᠠᠪᠤᠳᠠᠯ ᠤᠨ ᠴᠢᠳᠠᠪᠤᠷᠢᠲᠠᠨ ᠤ ᠲᠠᠯ᠎ᠠ ᠪᠠᠷ  ᠃ ᠭᠠᠳᠠᠭᠰᠢ ᠭᠠᠷᠴᠤ ᠠᠵᠢᠯᠲᠠᠨ ᠡᠯᠰᠡᠬᠦ᠂ ᠢᠯᠡ ᠪᠠᠷ ᠰᠢᠯᠭᠠᠨ ᠡᠯᠰᠡᠬᠦ᠂ ᠬᠥᠮᠦᠨ ᠬᠡᠷᠡᠭᠯᠡᠬᠦ ᠨᠢᠭᠡᠴᠡ ᠶᠢᠨ ᠡᠵᠡᠨ ᠮᠡᠳᠡᠵᠦ ᠠᠵᠢᠯᠲᠠᠨ ᠡᠯᠰᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠲᠤ 521 ᠬᠥᠮᠦᠨ ᠤᠷᠢᠨ ᠬᠡᠷᠡᠭᠯᠡᠬᠦ ᠶᠢᠨ ᠬᠠᠮᠲᠤ 161 ᠨᠡᠷ᠎ᠡ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠦᠶᠯᠡᠴᠢᠯᠡᠭᠡᠨ ᠤ ᠠᠵᠢᠯᠲᠠᠨ ᠢ ᠤᠷᠢᠨ ᠬᠡᠷᠡᠭᠯᠡᠵᠦ᠂ ᠴᠢᠳᠠᠪᠤᠷᠢᠲᠠᠨ ᠤ ᠲᠤᠯᠭᠠᠭᠤᠷᠢᠯᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠪᠠ  ᠃ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠡᠯ᠎ᠡ ᠲᠥᠷᠥᠯ ᠤᠨ ᠴᠠᠯᠢᠩ  ᠎ ᠤᠨ ᠬᠢᠨᠠᠨ ᠵᠥᠪᠰᠢᠶᠡᠷᠡᠬᠦ ᠭᠠᠷᠳᠠᠮ ᠢ ᠪᠡᠶᠡᠯᠡᠭᠦᠯᠵᠦ᠂ ᠨᠡᠶᠢᠭᠡᠮ ᠤᠨ ᠠᠵᠢᠯᠲᠠᠨ ᠤ ᠴᠠᠯᠢᠩ ᠣᠯᠭᠤᠮᠵᠢ ᠶᠢ ᠲᠣᠭᠲᠠᠭᠤᠨ ᠢᠶᠠᠷ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠠᠴᠠ ᠪᠠᠨ ᠪᠠᠭᠤᠵᠤ ᠠᠮᠠᠷᠠᠬᠤ ᠶᠢ ᠬᠢᠨᠠᠨ ᠵᠥᠪᠰᠢᠶᠡᠷᠡᠬᠦ ᠠᠵᠢᠯ ᠢ ᠥᠪᠡᠷᠲᠡᠭᠡᠨ ᠵᠠᠰᠠᠬᠤ ᠣᠷᠣᠨ ᠳᠤ ᠤᠷᠢᠳᠠᠪᠠᠷ 《 ᠨᠢᠭᠡ ᠤᠴᠢᠷ ᠢ ᠨᠢᠭᠡ ᠯᠡ ᠤᠳᠠᠭ᠎ᠠ ᠳᠤ ᠭᠦᠶᠴᠡᠳᠬᠡᠬᠦ 》᠎ ᠶᠢ ᠪᠡᠶᠡᠯᠡᠭᠦᠯᠪᠡ  ᠃      ᠬᠥᠳᠡᠯᠮᠦᠷᠢ ᠶᠢᠨ ᠬᠠᠷᠢᠴᠠᠭᠠᠨ ᠤ ᠲᠠᠯ᠎ᠠ ᠪᠠᠷ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠶᠢ ᠪᠦᠬᠦ ᠬᠦᠴᠦᠨ ᠢᠶᠠᠷ ᠲᠦᠯᠬᠢᠨ  ᠠᠬᠢᠭᠤᠯᠪᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠪᠥᠬᠦ ᠬᠤᠰᠢᠭᠤᠨ ᠤ ᠪᠥᠲᠥᠭᠡᠨ ᠪᠠᠶᠢᠭᠤᠯᠵᠤ ᠪᠠᠶᠢᠭ᠎ᠠ ᠲᠥᠷᠥᠯ ᠵᠦᠶᠯ ᠤᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠤᠭᠰᠠᠨ ᠦᠯᠡᠳᠡᠪᠦᠷᠢ 1 . 35 ᠳ᠋ᠦᠩᠰᠢᠭᠤᠷ ᠲᠥᠭᠦᠷᠢᠭ ᠲᠤ ᠬᠦᠷᠴᠦ᠂ 3762 ᠬᠥᠳᠡᠯᠮᠦᠷᠢᠴᠢᠨ ᠳᠤ 7562 ᠲᠦᠮᠡᠨ ᠲᠥᠭᠦᠷᠢᠭ ᠤᠨ ᠴᠠᠯᠢᠩ ᠬᠥᠯᠥᠰᠥ ᠶᠢ ᠨᠡᠬᠡᠮᠵᠢᠯᠡᠨ ᠣᠯᠭᠤᠪᠠ  ᠃ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠬᠦᠴᠦᠨ ᠴᠢᠳᠠᠪᠤᠷᠢ ᠶᠢ ᠲᠠᠰᠤᠷᠠᠯᠲᠠ ᠦᠭᠡᠢ ᠲᠡᠭᠡᠭᠰᠢᠯᠡᠬᠦᠯᠪᠡ᠃ ᠡᠯ᠎ᠡ ᠲᠥᠷᠥᠯ ᠤᠨ ᠬᠥᠳᠡᠯᠮᠦᠷᠢ ᠶᠢᠨ ᠮᠠᠷᠭᠤᠯᠳᠤᠭᠠᠨ ᠤ 135 ᠬᠡᠷᠡᠭ ᠢ ᠰᠢᠢᠳᠪᠦᠷᠢᠯᠡᠵᠦ᠂ ᠲᠤᠬᠠᠢ ᠶᠢᠨ ᠬᠥᠮᠦᠨ ᠳᠤ 953 . 67 ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠎ ᠢ ᠡᠭᠡᠭᠦᠯᠦᠨ ᠠᠪᠴᠢᠷᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠦᠴᠦᠲᠡᠢ ᠬᠠᠮᠠᠭᠠᠯᠠᠪᠠ  ᠃ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠯᠠᠪᠳᠠᠭᠤᠨ ᠪᠠᠲᠤᠲᠠᠶ  ᠪᠠᠶᠢᠭᠤᠯᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号