ᠵᠠᠷᠯᠠᠯ
ᠨᠡᠶᠢᠲᠡᠯᠡᠭᠰᠡᠨ ᠴᠠᠭ᠄
2022/8/23
   ᠬᠦᠷᠢᠶᠡᠯᠡᠩ ᠲᠣᠭᠤᠷᠢᠭ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠷᠣᠭᠤᠯᠤᠨ ᠠᠪᠴᠢᠷᠠᠬᠤ ᠲᠥᠷᠥᠯ ᠵᠦᠶᠯ ᠤᠨ ᠵᠢᠷᠤᠭ ᠲᠥᠯᠥᠪᠯᠡᠭᠡ ᠶᠢᠨ ᠪᠠᠷᠢᠯᠭ᠎ᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠵᠠᠰᠠᠭ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ 《ᠵᠠᠰᠠᠭ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠡᠵᠡᠮᠰᠢᠯ ᠤᠨ ᠴᠢᠨᠠᠷᠲᠠᠶ ᠨᠠᠷᠢᠨ ᠲᠥᠯᠥᠪᠵᠢᠭᠦᠯᠭᠡ ( ᠦᠨᠡᠰᠦ ᠰᠢᠭᠠᠷᠤ ᠶᠢᠨ ᠲᠠᠯᠠᠪᠠᠶ ᠶᠢᠨ ᠬᠡᠷᠡᠭᠯᠡᠬᠦ ᠭᠠᠵᠠᠷ ) 》᠎ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠪᠠ᠂ ᠣᠳᠣᠬᠠᠨ ᠳᠤ ᠲᠣᠰ ᠡᠵᠡᠮᠰᠢᠯ ᠤᠨ ᠲᠥᠯᠥᠪᠵᠢᠭᠦᠯᠭᠡ ᠶᠢ ᠲᠤᠰᠬᠠᠶ ᠮᠡᠷᠭᠡᠵᠢᠯᠲᠡᠨ ᠠᠴᠠ ᠬᠢᠨᠠᠨ ᠲᠣᠭᠲᠠᠭᠠᠵᠤ᠂ ᠨᠠᠶᠢᠳᠠᠪᠤᠷᠢᠵᠢᠭᠤᠯᠤᠭᠰᠠᠨ ᠰᠠᠨᠠᠯ ᠢ ᠨᠢ ᠨᠡᠶᠢᠲᠡᠯᠡᠬᠦ ᠶᠢᠨ ᠬᠠᠮᠲᠤ ᠣᠨᠳᠣᠤ ᠰᠠᠨᠠᠯ ᠥᠬᠡᠶ ᠪᠣᠯ᠂ ᠣᠲᠣ 《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ 》ᠵᠡᠷᠭᠡ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠲᠣᠰ ᠭᠠᠵᠠᠷ ᠰᠢᠷᠣᠶ ᠶᠢᠨ ᠡᠵᠡᠮᠰᠢᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠵᠠᠷᠯᠠᠨ ᠨᠡᠶᠢᠲᠡᠯᠡᠪᠡ᠂ ᠪᠣᠳᠠᠲᠠᠶ ᠨᠢ ᠳᠣᠤᠷᠠᠬᠢ ᠮᠡᠲᠦ᠄   ᠲᠥᠯᠥᠪᠵᠢᠭᠦᠯᠭᠡ ᠳᠤ ᠬᠡᠷᠡᠭᠯᠡᠬᠦ ᠭᠠᠵᠠᠷ᠄ ᠲᠣᠰ ᠭᠠᠵᠠᠷ ᠰᠢᠷᠣᠶ ᠳᠤ ᠬᠡᠷᠡᠭᠯᠡᠬᠦ ᠭᠠᠵᠠᠷ ᠤᠨ ᠲᠠᠯᠠᠪᠠᠶ ᠨᠢ 110 . 8468 ᠾᠧᠺᠲ᠋ᠠᠷ ᠪᠠᠶᠢᠵᠤ᠂ ᠭᠠᠵᠠᠷ ᠰᠢᠷᠣᠶ ᠬᠡᠷᠡᠭᠯᠡᠬᠦ ᠰᠢᠨᠵᠢ ᠴᠢᠨᠠᠷ ᠨᠢ ᠬᠤᠶᠠᠳᠤᠭᠠᠷ ᠲᠥᠷᠥᠯ ᠤᠨ ᠪᠠᠷᠠᠭᠠᠨ ᠎ ᠤ ᠭᠦᠶᠯᠭᠡᠭᠡᠨ ᠤ ᠬᠥᠮᠥᠷᠭᠡᠯᠡᠨ ᠬᠠᠳᠠᠭᠠᠯᠠᠬᠤ ᠳᠤ ᠬᠡᠷᠡᠭᠯᠡᠬᠦ ᠭᠠᠵᠠᠷ ᠪᠠᠶᠢᠵᠤ᠂ ᠡᠵᠡᠯᠡᠬᠦᠨ ᠤ ᠨᠣᠷᠮ᠎ᠠ ᠨᠢ(≥ )0 . 8᠂ ᠪᠠᠷᠢᠯᠭ᠎ᠠ ᠶᠢᠨ ᠢᠯᠡᠳᠬᠡᠮᠵᠢ ᠨᠢ( ≥) 30 %᠂ ᠪᠠᠷᠢᠯᠭ᠎ᠠ  ᠎ ᠶᠢᠨ ᠥᠨᠳᠥᠷ  ᠎ ᠨᠢ ︵≤  ︶ 50 ᠮᠧᠲᠷ᠂ ᠵᠦᠯᠭᠡ ᠭᠠᠵᠠᠷ ᠤᠨ ᠨᠣᠷᠮ᠎ᠠ ᠨᠢ  ︵≤  ︶20 % ᠪᠣᠯᠤᠨ᠎ᠠ  ᠃    ᠢᠯᠡ ᠨᠡᠶᠢᠲᠡᠯᠡᠬᠦ ᠬᠤᠭᠤᠴᠠᠭ᠎ᠠ᠄ 2022 ᠣᠨ ᠤ 2 ᠳ᠋ᠤᠭᠠᠷ ᠰᠠᠷ᠎ᠠ ᠶᠢᠨ 22᠎ ᠤᠨ ᠡᠳᠦᠷ 2022 ᠣᠨ ᠤ 3 ᠳ᠋ᠤᠭᠠᠷ ᠰᠠᠷ᠎ᠠ ᠶᠢᠨ 23᠎ ᠤ ᠡᠳᠦᠷ᠂ 30 ᠡᠳᠦᠷ ᠤᠨ ᠬᠤᠭᠤᠴᠠᠭ᠎ᠠ ᠲᠠᠢ  ᠃    ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠤᠯᠪᠣᠭᠳᠠᠯ ᠪᠥᠬᠦᠶ ᠨᠢᠭᠡᠴᠢ ᠪᠤᠶᠤ ᠬᠤᠪᠢ ᠬᠥᠮᠦᠨ ᠲᠣᠰ ᠲᠥᠯᠥᠪᠵᠢᠭᠦᠯᠭᠡ ᠳᠤ ᠶᠠᠮᠠᠷ ᠰᠠᠨᠠᠯ ᠪᠤᠶᠤ ᠰᠠᠨᠠᠭᠤᠯᠭ᠎ᠠ ᠪᠠᠶᠢᠪᠠᠯ ᠡᠵᠡᠨ ᠬᠤᠷᠤᠭ᠎ᠠ ᠬᠤᠰᠢᠭᠤᠨ ᠤ ᠵᠠᠰᠠᠭ ᠪᠠᠷᠠᠭᠠᠨ ᠎ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠶᠡᠷᠦᠩᠬᠡᠶᠢᠯᠡᠭᠰᠡᠨ ᠬᠡᠯᠲᠡᠰ ᠲᠠᠢ ᠬᠠᠷᠢᠯᠴᠠᠵᠤ ᠲᠤᠰᠬᠠᠵᠤ ᠪᠣᠯᠤᠨ᠎ᠠ  ᠃    ᠬᠠᠷᠢᠯᠴᠠᠬᠤ ᠤᠲᠠᠰᠤ᠄ 0477 — 8962113   ᠬᠠᠶ᠋ᠢᠭ᠄ ᠡᠵᠡᠨ ᠬᠤᠷᠤᠭ᠎ᠠ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠮᠣ ᠠᠰᠠᠷ ᠤᠨ 9 ᠳ᠋ᠦ᠋ᠭᠡᠷ ᠳᠠᠪᠬᠤᠷᠯᠢᠭ ᠤᠨ 9007 ᠥᠷᠥᠭᠡ ( 017200 )  ᠃    ᠡᠵᠡᠨ ᠬᠤᠷᠤᠭ᠎ᠠ ᠬᠤᠰᠢᠭᠤᠨ ᠤ ᠵᠠᠰᠠᠭ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ                      2022 ᠣᠨ ᠤ 2 ᠳ᠋ᠤᠭᠠᠷ ᠰᠠᠷ᠎ᠠ ᠶᠢᠨ 22᠎ ᠤᠨ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号