ᠬᠠᠶᠢᠴᠢᠩ | | ᠤᠳᠤᠬᠠᠨ᠎ᠠ ᠠᠵᠦ ᠠᠬᠤᠢ ᠶᠢᠨ ᠬᠦᠭᠵᠢᠯᠳᠡ ᠶᠢ ᠳᠠᠭᠠᠯᠳᠤᠨ ᠬᠦᠮᠦᠰ ᠤᠨ ᠠᠮᠢᠳᠤᠷᠠᠯ ᠤᠨ ᠬᠢᠷᠢ ᠲᠦᠪᠰᠢᠨ ᠠᠯᠬᠤᠮ ᠠᠯᠬᠤᠮ ᠢᠶᠠᠷ ᠳᠡᠬᠡᠭᠰᠢᠯᠡᠵᠦ᠂ | ᠡᠷᠡᠬᠦᠯ ᠴᠢᠬᠢᠷᠠᠭ ᠶᠠᠪᠤᠬᠤ ᠬᠦᠰᠡᠯ ᠡᠷᠡᠮᠡᠯᠵᠡᠯ ᠨᠢ ᠤᠯᠠᠮ ᠠᠴᠠ ᠤᠯᠠᠮ ᠨᠡᠮᠡᠭᠳᠡᠪᠡ᠃ ︽ᠠᠭᠤᠯᠠ ᠶᠢᠨ ᠴᠢᠨᠡᠬᠡᠨ ᠠᠯᠳᠠ ᠠᠴᠠ ᠤᠳᠠᠰᠤᠨ ᠴᠢᠨᠡᠬᠡᠨ ᠠᠮᠢ ᠳᠡᠭᠡᠷ᠎ᠡ︾ | ᠬᠡᠳᠡᠭ ᠢᠶᠠᠷ ᠡᠷᠡᠬᠦᠯ ᠪᠤᠯ ᠡᠷᠳᠡᠨᠢ ᠠᠴᠠ ᠴᠢᠬᠤᠯᠠ ᠶᠤᠮ᠃ ᠡᠶᠢᠮᠦ ᠠᠴᠠ ᠬᠦᠮᠦᠰ ᠡᠷᠡᠬᠦᠯ ᠴᠢᠬᠢᠷᠠᠭ ᠶᠠᠪᠤᠵᠦ ᠤᠷᠳᠤ ᠨᠠᠰᠤᠯᠠᠵᠦ ᠤᠳᠠᠭᠠᠨ ᠵᠢᠷᠭᠠᠬᠤ ᠨᠢ ᠨᠢᠬᠡᠨ | ᠵᠦᠢ ᠶᠤᠰᠤᠨ ᠤ ᠬᠡᠷᠡᠭ ᠪᠤᠯᠤᠨ᠎ᠠ᠃ | ᠤᠳᠤᠬᠠᠨ ᠤ ︽ᠭᠤᠷᠪᠠᠨ ᠤᠷᠢᠳᠴᠢᠯᠡᠯ︾ ︵ᠤᠷᠢᠳᠴᠢᠯᠠᠨ ᠦᠳᠡᠯᠬᠦ᠂ ᠤᠷᠢᠳᠴᠢᠯᠡᠨ ᠡᠪᠡᠳᠴᠢᠯᠡᠬᠦ᠂ ᠤᠷᠢᠳᠴᠢᠯᠠᠨ ᠦᠬᠦᠬᠦ︶ ᠤᠨ ᠦᠵᠡᠭᠳᠡᠯ ᠨᠢ | ᠶᠠᠭ ᠳᠠᠰᠤᠷᠠᠯᠳᠠ ᠦᠬᠡᠢ ᠬᠦᠭᠵᠢᠵᠦ ᠪᠠᠶᠢᠭ᠎ᠠ ᠡᠮᠨᠡᠯᠬᠡ ᠶᠢᠨ ᠮᠡᠷᠬᠡᠵᠢᠯ ᠢ ᠳᠡᠷᠰᠯᠡᠨ ᠵᠦᠷᠢᠴᠡᠵᠦ ᠪᠤᠢ᠃ ᠨᠡᠩᠳᠡ ᠬᠦᠮᠦᠰ ᠲᠤ ᠰᠠᠨᠠᠭᠤᠯᠤᠮᠵᠢ ᠪᠤᠯᠵᠦ ᠪᠠᠶᠢᠭ᠎ᠠ | ᠵᠦᠢᠯ ᠬᠡᠪᠡᠯ᠄ ᠤᠷᠴᠢᠨ ᠠᠬᠤᠢ ᠶᠢᠨ ᠪᠤᠬᠢᠷᠳᠤᠯ᠂ ᠠᠮᠢᠳᠤᠷᠠᠯ ᠤᠨ ᠠᠷᠭ᠎ᠠ ᠮᠠᠶ᠋ᠢᠭ ᠤᠨ ᠬᠤᠪᠢᠷᠠᠯᠳᠠ᠂ ᠢᠳᠡᠬᠡᠨ ᠤᠮᠳᠠᠭᠠᠨ ᠤ ᠪᠦᠲᠦᠴᠡ ᠶᠢᠨ ᠬᠤᠪᠢᠷᠠᠯᠳᠠ | ᠵᠡᠷᠬᠡ ᠨᠢ ᠡᠷᠡᠬᠦᠯ ᠮᠡᠨᠳᠦ ᠶᠢ ᠰᠦᠷᠳᠡᠬᠦᠯᠵᠦ ᠪᠠᠶᠢᠭ᠎ᠠ ︽ᠵᠢᠩᠬᠢᠨᠢ ᠬᠡᠷᠡᠭ ᠤᠨ ᠲᠦᠷᠦᠬᠦᠦ︾ ᠮᠦᠨ᠃ ᠡᠶᠢᠮᠦ ᠠᠴᠠ ᠳᠡᠯᠡᠬᠡᠢ ᠶᠢᠨ ᠡᠷᠡᠬᠦᠯ ᠬᠠᠮᠠᠭᠠᠯᠠᠯ ᠤᠨ | ᠵᠤᠬᠢᠶᠠᠨ ᠪᠠᠶᠢᠭᠤᠯᠤᠯᠳᠠ ᠠᠴᠠ ︽ᠡᠷᠡᠬᠦᠯ ᠴᠢᠬᠢᠷᠠᠭ ᠢ ᠨᠦᠯᠦᠬᠡᠯᠡᠬᠦ ᠡᠯᠧᠮᠧᠨ᠋ᠲ ᠤᠨ ᠲᠤᠲᠤᠷ᠎ᠠ ᠦᠪᠡᠷ ᠤᠨ ᠪᠡᠶ᠎ᠡ ᠪᠠᠨ ᠡᠷᠡᠬᠦᠯᠵᠢᠬᠦᠯᠬᠦ ᠨᠢ 60% ᠬᠤᠪᠢ ᠶᠢ | ᠡᠵᠡᠯᠡᠨ᠎ᠡ︾ ᠬᠡᠵᠦ ᠰᠠᠨᠠᠭᠤᠯᠵᠠᠢ᠃ | ᠪᠢᠳᠠ ᠪᠡᠶ᠎ᠡ ᠪᠠᠨ ᠳᠠᠪᠢᠨ ᠵᠢᠯ ᠬᠠᠷᠠᠭᠠᠯᠵᠠᠪᠠᠯ᠂ ᠳᠡᠷᠡ ᠮᠦᠨ ᠪᠢᠳᠠᠨ ᠢ ᠳᠠᠪᠢᠨ ᠵᠢᠯ ᠬᠠᠷᠠᠭᠠᠯᠵᠠᠨ᠎ᠠ︔ ᠪᠢᠳᠠ ᠳᠡᠬᠦᠨ ᠢ ᠳᠠᠪᠢᠨ ᠵᠢᠯ ᠳᠠᠷᠴᠢᠯᠭᠠᠪᠠᠯ᠂ | ᠳᠡᠷᠡ ᠨᠢ ᠪᠢᠳᠠᠨ ᠢ ᠵᠦᠪᠬᠡᠨ ᠬᠤᠷᠢᠨ ᠵᠢᠯ ᠳᠠᠷᠴᠢᠯᠭᠠᠨ᠎ᠠ᠃ ᠬᠡᠷᠪᠡ ᠡᠷᠡᠬᠦᠯ ᠴᠢᠬᠢᠷᠠᠭ ᠢ ᠳᠠᠩᠰᠠ ᠶᠢᠨ ᠡᠵᠡᠨ ᠡᠷᠦᠬᠡ ᠪᠠᠷ ᠦᠢᠯᠡᠳᠬᠡᠪᠡᠯ ᠶᠡᠷᠦ ᠨᠢ ᠪᠢᠳᠠᠨ ᠤ | ᠵᠠᠷᠤᠯᠭ᠎ᠠ ᠨᠢ ᠬᠡᠳᠦᠷᠡᠬᠡᠳ ᠬᠠᠷᠢᠨ ᠪᠡᠯᠡ ᠤᠷᠤᠭᠤᠯᠤᠯᠳᠠ ᠨᠢ ᠬᠤᠮᠰᠠᠳᠠᠭᠰᠠᠨ ᠪᠠᠶᠢᠭ᠎ᠠ᠃ ᠡᠬᠦᠨ ᠤ ᠤᠯᠠᠮ ᠠᠴᠠ ᠬᠡᠵᠢᠶ᠎ᠠ ᠨᠢᠬᠡᠨ ᠡᠳᠦᠷ ᠡᠷᠡᠬᠦᠯ ᠴᠢᠬᠢᠷᠠᠭ ᠨᠢ | ᠳᠠᠮᠫᠤᠷᠠᠬᠤ ᠠᠶᠤᠯᠳᠠᠢ᠃ ᠳᠡᠬᠡᠪᠡᠯ ᠡᠷᠡᠬᠦᠯ ᠴᠢᠬᠢᠷᠠᠭ ᠲᠤ ᠬᠡᠷᠬᠢᠨ ᠪᠡᠯᠡ ᠤᠷᠤᠭᠤᠯᠤᠯᠳᠠ ᠬᠢᠬᠦ ᠪᠤᠢ︖ | ᠶᠠᠭᠤᠨ ᠤ ᠡᠮᠦᠨ᠎ᠡ ᠪᠡᠯᠡ ᠤᠷᠤᠭᠤᠯᠤᠯᠳᠠ ᠬᠢᠬᠦ ᠶᠢ ᠰᠤᠷᠬᠤ ᠬᠡᠷᠡᠭᠳᠡᠢ᠃ | ᠮᠠᠰᠢ ᠠᠷᠪᠢᠨ ᠬᠦᠮᠦᠰ ᠨᠢ ᠡᠪᠡᠳᠴᠢᠨ ᠢᠶᠠᠷ ᠦᠬᠦᠭᠰᠡᠨ ᠪᠢᠰᠢ᠂ ᠬᠠᠷᠢᠨ ᠮᠡᠳᠡᠯᠬᠡ ᠬᠤᠮᠰᠠ ᠠᠴᠠ ᠪᠤᠯᠵᠦ ᠦᠬᠦᠭᠰᠡᠨ ᠨᠢ ᠦᠨᠡᠳᠡᠢ᠃ ᠤᠳᠤ ᠦᠶ᠎ᠡ ᠶᠢᠨ | ᠪᠤᠯᠪᠠᠰᠤᠨ ᠡᠪᠡᠳᠴᠢᠨ ᠢ ᠪᠤᠳᠠᠰ ᠤᠨ ᠠᠮᠢᠳᠤᠷᠠᠯ ᠤᠨ ᠰᠠᠶᠢᠵᠢᠷᠠᠯᠳᠠ ᠨᠢ ᠠᠪᠴᠢᠷᠠᠭᠰᠠᠨ ᠪᠢᠰᠢ᠂ ᠬᠠᠷᠢᠨ ᠡᠷᠡᠬᠦᠯ ᠮᠡᠨᠳᠦ ᠶᠢᠨ ᠲᠤᠬᠠᠢ ᠮᠡᠳᠡᠯᠬᠡ ᠬᠤᠮᠰᠠᠳᠠᠭᠰᠠᠨ | ᠠᠴᠠ ᠤᠷᠰᠢᠭᠳᠠᠭᠰᠠᠨ ᠪᠠᠶᠢᠭ᠎ᠠ ᠶᠤᠮ᠃ ᠵᠠᠮ ᠤᠨ ᠶᠠᠷᠢᠶ᠎ᠠ ᠵᠠᠭᠤᠷ᠎ᠠ ᠶᠢᠨ ᠰᠤᠨᠤᠰᠬᠠᠯ ᠤᠨ ᠬᠡᠰᠡᠭ ᠪᠤᠰᠠᠭ ᠮᠡᠳᠡᠯᠬᠡ ᠨᠢ ᠮᠠᠨ ᠤ ᠰᠢᠨᠵᠢᠯᠡᠬᠦ ᠤᠬᠠᠭᠠᠨᠴᠢ ᠠᠮᠢᠳᠤᠷᠠᠯ | ᠢ ᠵᠢᠯᠤᠭᠤᠳᠴᠦ ᠴᠢᠳᠠᠬᠤ ᠦᠬᠡᠢ᠃ ᠬᠠᠷᠢᠨ ᠰᠢᠰᠲ᠋ᠧᠮ ᠲᠠᠢ ᠰᠤᠷᠤᠯᠴᠠᠯᠭ᠎ᠠ ᠪᠤᠯ ᠰᠠᠶ᠋ᠢ ᠪᠢᠳᠠᠨ ᠳᠤ ᠬᠡᠷᠬᠢᠨ ᠵᠦᠪ ᠰᠠᠶᠢᠬᠠᠨ ᠢᠳᠡᠵᠦ ᠤᠤᠭᠤᠬᠤ᠂ ᠤᠨᠳᠠᠵᠦ | ᠠᠮᠠᠷᠠᠬᠤ ᠶᠢ ᠵᠢᠭᠠᠨ ᠰᠤᠷᠭᠠᠵᠦ᠂ ᠡᠬᠦᠨ ᠤ ᠤᠯᠠᠮ ᠢᠶᠠᠷ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠤᠯᠵᠦ ᠬᠡᠵᠢᠶᠡᠳᠡ ᠴᠤᠭ ᠵᠢᠪᠬᠤᠭ᠎ᠠ ᠳᠡᠬᠦᠯᠳᠡᠷ ᠪᠤᠯᠬᠤ | ᠶᠤᠮ᠃ | ᠴᠢᠮᠡᠭᠡ ᠵᠠᠩᠬᠢ ᠶᠢᠨ ᠴᠠᠭ ᠡᠷᠢᠨ ᠪᠢᠳᠠᠨ ᠳᠤ ᠬᠡᠵᠢᠶ᠎ᠠ ᠬᠠᠮᠢᠭ᠎ᠠ ᠴᠦ ᠬᠡᠳ ᠠᠳᠠᠯᠢ ᠪᠤᠰᠤ ᠶᠢᠨ ᠮᠡᠳᠡᠯᠬᠡ ᠶᠢ ᠤᠯᠭᠤᠵᠦ ᠪᠠᠶᠢᠳᠠᠭ᠃ ᠬᠡᠪᠡᠴᠦ ᠡᠷᠡᠬᠦᠯ | ᠮᠡᠨᠳᠦ ᠶᠢᠨ ᠲᠤᠬᠠᠢ ᠮᠡᠳᠡᠯᠬᠡ ᠶᠢ ᠴᠢ ᠴᠤᠬᠤᠮ ᠬᠡᠳᠦᠢ ᠤᠯᠤᠭᠰᠠᠨ ᠪᠤᠯ︖ ᠮᠠᠰᠢ ᠠᠷᠪᠢᠨ ᠬᠦᠮᠦᠨ ᠰᠢᠮ᠎ᠡ ᠳᠡᠵᠢᠬᠡᠯ ᠢ ᠴᠢᠬᠤᠯᠠᠴᠢᠯᠠᠳᠠᠭ ᠪᠤᠯᠪᠠᠴᠤ | ᠬᠦᠳᠡᠯᠬᠡᠬᠡᠨ ᠬᠢᠬᠦ ᠶᠤᠰᠤ ᠶᠢ ᠤᠮᠳᠤᠭᠠᠶᠢᠯᠠᠳᠠᠭ᠃ ᠬᠦᠮᠦᠨ ᠦᠳᠡᠯᠬᠦ ᠨᠢ ᠵᠠᠶᠢᠯᠠᠰᠢ ᠦᠬᠡᠢ᠂ ᠬᠡᠪᠡᠴᠦ ᠬᠢᠵᠢᠶᠡᠯ ᠨᠠᠰᠤᠨ ᠤ ᠬᠦᠮᠦᠰ ᠵᠤᠬᠢᠰᠳᠠᠢ ᠬᠦᠳᠡᠯᠬᠡᠬᠡᠨ | ᠬᠢᠭᠰᠡᠨ ᠢᠶᠠᠷ ᠪᠡᠶ᠎ᠡ ᠶᠢᠨ ᠡᠯ᠎ᠡ ᠡᠷᠬᠡᠳᠡᠨ ᠤ ᠬᠦᠭᠰᠢᠷᠡᠯ ᠲᠤᠷᠤᠶᠢᠳᠠᠯ ᠢ ᠵᠤᠬᠢᠬᠤ ᠬᠡᠮᠵᠢᠶ᠎ᠠ ᠪᠠᠷ ᠬᠤᠶᠢᠰᠢᠯᠠᠭᠤᠯᠵᠦ ᠪᠤᠯᠬᠤ ᠶᠢ ᠡᠷᠳᠡᠮᠳᠡᠳ ᠨᠤᠳᠠᠯᠠᠵᠦ ᠪᠠᠶᠢᠨ᠎ᠠ᠃ | ᠡᠶᠢᠮᠦ ᠠᠴᠠ ᠰᠢᠨᠵᠢᠯᠡᠬᠦ ᠤᠬᠠᠭᠠᠨᠴᠢ ᠪᠠᠷ ᠪᠡᠶ᠎ᠡ ᠪᠠᠨ ᠴᠢᠬᠢᠷᠠᠭᠵᠢᠭᠤᠯᠬᠤ ᠮᠡᠳᠡᠯᠬᠡ ᠶᠢ ᠬᠡᠨ ᠴᠦ ᠬᠡᠳ ᠮᠡᠳᠡᠵᠦ ᠠᠪᠬᠤ ᠴᠢᠬᠤᠯᠠ ᠲᠠᠢ ᠪᠠᠶᠢᠨ᠎ᠠ᠃ | ᠳᠠᠷᠠᠭᠠᠯᠠᠪᠠᠯ ᠪᠡᠯᠡ ᠤᠷᠤᠭᠤᠯᠬᠤ ᠴᠠᠭ ᠢ ᠰᠠᠶᠢᠳᠦᠷ ᠡᠵᠡᠮᠳᠡᠬᠦ ᠴᠢᠬᠤᠯᠠᠳᠠᠢ᠃ ᠲᠤᠬᠠᠶᠢᠯᠠᠪᠠᠯ᠂ ᠦᠷᠯᠦᠬᠡ ᠶᠢᠨ ᠬᠤᠭᠤᠯᠠ ᠪᠤᠯ ᠨᠢᠬᠡ ᠡᠳᠦᠷ ᠤᠨ ᠭᠤᠷᠪᠠᠨ | ᠴᠠᠭ ᠤᠨ ᠬᠤᠭᠤᠯᠠᠨ ᠤ ᠴᠢᠬᠤᠯᠠ ᠪᠠᠶᠢᠷᠢ ᠶᠢ ᠡᠵᠡᠯᠡᠵᠦ ᠪᠠᠶᠢᠳᠠᠭ᠃ ᠨᠡᠶᠢᠬᠡᠮ ᠳᠡᠬᠡᠷ᠎ᠡ ᠶᠡᠷᠦ ᠨᠢ᠄ ︽ᠨᠡᠶᠢᠳᠡ ᠶᠢᠨ ᠮᠠᠰᠢᠨ ᠳᠤ ᠰᠠᠭᠤᠵᠦ ᠠᠵᠢᠯ ᠳᠤ ᠭᠠᠷᠬᠤ | ᠬᠦᠮᠦᠨ ᠦᠷᠯᠦᠬᠡ ᠶᠢᠨ ᠬᠤᠭᠤᠯᠠ ᠢᠳᠡᠬᠦ ᠴᠠᠭ ᠦᠬᠡᠢ᠂ ᠮᠠᠰᠢᠨ ᠬᠦᠯᠦᠰᠦᠯᠡᠨ ᠠᠵᠢᠯ ᠳᠤ ᠭᠠᠷᠬᠤ ᠬᠦᠮᠦᠨ ᠦᠷᠯᠦᠬᠡ ᠶᠢᠨ ᠬᠤᠭᠤᠯᠠ ᠪᠠᠨ ᠳᠡᠷᠬᠡᠨ ᠳᠡᠬᠡᠷ᠎ᠡ | ᠢᠳᠡᠵᠦ᠂ ᠦᠪᠡᠷ ᠢᠶᠠᠨ ᠮᠠᠰᠢᠨ ᠪᠠᠷᠢᠵᠦ ᠠᠵᠢᠯ ᠳᠤ ᠭᠠᠷᠬᠤ ᠬᠦᠮᠦᠨ ᠦᠷᠯᠦᠬᠡ ᠪᠤᠯᠤᠨ ᠦᠳᠡ ᠶᠢᠨ ᠬᠤᠭᠤᠯᠠ ᠶᠢ ᠬᠠᠮᠳᠤᠷᠠᠭᠤᠯᠤᠭᠠᠳ ᠢᠳᠡᠳᠡᠭ︾ ᠬᠡᠰᠡᠨ | ᠶᠠᠷᠢᠶ᠎ᠠ ᠤᠯᠠᠮᠵᠢᠯᠠᠵᠦ ᠪᠠᠶᠢᠳᠠᠭ᠃ ᠪᠢᠳᠠ ᠬᠡᠷᠪᠡ ᠡᠷᠡᠬᠦᠯ ᠴᠢᠬᠢᠷᠠᠭ ᠪᠡᠶ᠎ᠡ ᠲᠠᠢ ᠪᠠᠶᠢᠶ᠎ᠠ ᠬᠡᠵᠦ ᠰᠠᠨᠠᠪᠠᠯ ᠡᠷᠬᠡᠪᠰᠢ ᠡᠷᠳᠡ ᠪᠤᠰᠴᠦ ᠦᠷᠯᠦᠬᠡ ᠶᠢᠨ ᠬᠤᠭᠤᠯᠠ ᠪᠠᠨ | ᠵᠠᠪᠠᠯ ᠢᠳᠡᠭᠰᠡᠨ ᠪᠠᠶᠢᠬᠤ ᠮᠦᠷᠳᠡᠬᠡᠨ ᠪᠤᠰᠤᠳ ᠴᠠᠭ ᠤᠨ ᠬᠤᠭᠤᠯᠠ ᠶᠢ ᠴᠦ ᠲᠤᠭᠳᠠᠭᠰᠠᠨ ᠴᠠᠭ ᠲᠤ ᠨᠢ ᠢᠳᠡᠬᠦ ᠶᠢ ᠠᠩᠬᠠᠷᠬᠤ ᠬᠡᠷᠡᠭᠳᠡᠢ᠃ | ᠪᠠᠰᠠ ᠲᠤᠩ ᠠᠷᠪᠢᠨ ᠬᠦᠮᠦᠨ ᠦᠪᠡᠷ ᠤᠨ ᠪᠡᠶ᠎ᠡ ᠪᠠᠨ ᠦᠩᠬᠡᠷᠡᠭᠰᠡᠨ ᠳᠤ ᠬᠦᠷᠬᠦ ᠦᠬᠡᠢ ᠪᠤᠯᠵᠠᠢ ᠬᠡᠵᠦ ᠭᠤᠮᠤᠳᠠᠵᠦ ᠪᠤᠢ᠃ ᠳᠡᠬᠡᠪᠡᠯ ᠶᠠᠭᠤᠨ ᠳᠤ ᠡᠶᠢᠮᠦ | ᠪᠤᠯᠤᠭᠰᠠᠨ ᠳᠤᠬᠠᠢ ᠲᠠ ᠪᠤᠳᠤᠯᠬᠢᠯᠠᠵᠦ ᠦᠩᠬᠡᠷᠡᠭᠰᠡᠨ ᠤᠤ︖ ᠤᠴᠢᠷ ᠨᠢ ᠲᠠ ᠬᠦᠳᠡᠯᠬᠡᠬᠡᠨ ᠬᠢᠵᠦ ᠪᠡᠶ᠎ᠡ ᠪᠠᠨ ᠪᠤᠯᠪᠠᠰᠤᠷᠠᠭᠤᠯᠬᠤ ᠨᠠᠨᠳᠢᠨ ᠴᠠᠭ ᠢ ᠪᠦᠷ | ᠤᠨᠳᠠᠵᠦ ᠨᠤᠶᠢᠷᠰᠤᠬᠤ᠂ ᠬᠤᠷᠠᠯ ᠴᠤᠭᠯᠠᠭᠠᠨ᠂ ᠺᠤᠮᠫᠢᠦ᠋ᠲ᠋ᠧᠷ ᠦᠵᠡᠬᠦ ᠪᠠ ᠪᠤᠯᠵᠤᠭ᠎ᠠ ᠠᠭᠤᠯᠵᠠᠯᠳᠠ ᠵᠡᠷᠬᠡ ᠳᠤ ᠬᠡᠷᠡᠭᠯᠡᠭᠰᠡᠨ ᠪᠠᠶᠢᠳᠠᠭ᠃ ᠡᠶᠢᠮᠦ ᠠᠴᠠ ᠪᠡᠶ᠎ᠡ ᠶᠢᠨ | ᠪᠤᠯᠪᠠᠰᠤᠷᠠᠯ ᠳᠤ ᠵᠤᠬᠢᠬᠤ ᠴᠠᠭ ᠭᠠᠷᠭᠠᠬᠤ ᠮᠦᠷᠳᠡᠬᠡᠨ ᠡᠷᠬᠡᠪᠰᠢ ᠭᠠᠷᠭᠠᠬᠤ ᠴᠢᠬᠤᠯᠠᠳᠠᠢ ᠰᠠᠨ᠃ | ᠬᠠᠮᠤᠭ ᠰᠡᠬᠦᠯ ᠳᠤ ᠨᠢ ᠬᠠᠳᠠᠭᠤ ᠵᠤᠷᠢᠭ ᠢᠶᠠᠷ ᠪᠡᠯᠡ ᠤᠷᠤᠭᠤᠯᠤᠯᠳᠠ ᠪᠠᠨ ᠪᠠᠶᠢᠩᠭᠤ ᠪᠠᠷᠢᠮᠳᠠᠯᠠᠬᠤ ᠬᠡᠷᠡᠭᠳᠡᠢ᠃ ᠮᠡᠳᠡᠵᠦ ᠪᠠᠶᠢᠭᠠᠳ ᠬᠢᠬᠦ ᠦᠬᠡᠢ ᠪᠤᠯᠪᠠᠰᠤ | ᠮᠡᠳᠡᠭᠰᠡᠨ ᠦᠬᠡᠢ ᠲᠠᠢ ᠠᠳᠠᠯᠢ︔ ᠬᠢᠬᠡᠳ ᠦᠷ᠎ᠡ ᠪᠦᠲᠦᠮᠵᠢ ᠦᠬᠡᠢ ᠪᠤᠯᠪᠠᠰᠤ ᠬᠢᠭᠰᠡᠨ ᠦᠬᠡᠢ ᠲᠠᠢ ᠠᠳᠠᠯᠢ᠃ ᠳᠡᠷᠡᠬᠦ ᠦᠩᠬᠡᠷᠡᠭᠰᠡᠨ ᠤ ᠵᠦᠪ ᠪᠤᠰᠤ ᠳᠠᠳᠬᠠᠯ | ᠢᠶᠠᠨ ᠬᠠᠯᠠᠵᠦ ᠦᠬᠡᠷᠡᠴᠢᠯᠡᠬᠦ ᠴᠢᠬᠤᠯᠠᠳᠠᠢ ᠮᠦᠷᠳᠡᠬᠡᠨ ᠶᠡᠬᠡᠬᠡᠨ ᠬᠦᠴᠦ ᠵᠠᠷᠤᠴᠠᠭᠤᠯᠵᠦ ᠪᠠᠶᠢᠭᠠᠳ ᠨᠢᠬᠡᠨ ᠤᠬᠢ ᠰᠠᠶᠢᠨ ᠰᠢᠨ᠎ᠡ ᠳᠠᠳᠬᠠᠯ ᠢ ᠪᠤᠢ ᠪᠤᠯᠭᠠᠭᠠᠳ | ᠡᠬᠦᠨ ᠢᠶᠠᠷ ᠢᠶᠠᠨ ᠬᠠᠭᠤᠴᠢᠨ ᠮᠠᠭᠤ ᠳᠠᠳᠬᠠᠯ ᠢ ᠤᠷᠤᠯᠠᠭᠤᠯᠬᠤ ᠬᠡᠷᠡᠭᠳᠡᠢ᠃ ᠡᠷᠡᠬᠦᠯ ᠴᠢᠬᠢᠷᠠᠭ ᠠᠮᠢᠳᠤᠷᠠᠯ ᠤᠨ ᠦᠵᠡᠯᠳᠡ ᠶᠢ ᠴᠢᠩᠳᠠ ᠪᠠᠷᠢᠮᠳᠠᠯᠠᠵᠦ᠂ ᠬᠤᠭᠤᠯᠠ | ᠤᠮᠳᠠ᠂ ᠠᠵᠢᠯᠯᠠᠵᠦ ᠠᠮᠠᠷᠠᠬᠤ ᠪᠠ ᠬᠦᠳᠡᠯᠬᠡᠬᠡᠨ ᠬᠢᠬᠦ ᠶᠢᠨ ᠠᠯᠢᠥ ᠨᠢᠬᠡᠨ ᠳᠡᠬᠡᠷ᠎ᠡ ᠨᠢ ᠴᠦ ᠬᠡᠳ ᠬᠠᠳᠠᠭᠤ ᠵᠤᠷᠢᠭ ᠢ ᠪᠠᠷᠢᠨ ᠡᠷᠡᠬᠦᠯ ᠴᠢᠬᠢᠷᠠᠭ ᠠᠮᠢᠳᠤᠷᠠᠬᠤ | ᠰᠢᠨᠵᠢᠯᠡᠬᠦ ᠤᠬᠠᠭᠠᠨᠴᠢ ᠵᠠᠮ ᠢᠶᠠᠷ ᠰᠢᠯᠵᠢᠰᠢ ᠦᠬᠡᠢ ᠶᠠᠪᠤᠬᠤ ᠬᠡᠷᠡᠭᠳᠡᠢ᠃ | ᠳᠤᠤᠷ᠎ᠠ ᠪᠢ ᠦᠪᠡᠷ ᠤᠨ ᠢᠶᠠᠨ ᠦᠷᠬᠦᠯᠵᠢ ᠪᠠᠷᠢᠮᠳᠠᠯᠠᠳᠠᠭ ᠠᠷᠪᠠᠨ ᠵᠦᠢᠯ ᠤᠨ ᠪᠡᠶ᠎ᠡ ᠡᠷᠡᠬᠦᠯᠵᠢᠬᠦᠯᠬᠦ ᠠᠷᠭ᠎ᠠ ᠶᠢ ᠳᠠᠨᠢᠯᠴᠠᠭᠤᠯᠤᠶ᠎ᠠ᠂ ᠡᠨᠡ ᠨᠢ ᠡᠷᠡᠬᠦᠯ | ᠴᠢᠬᠢᠷᠠᠭ᠂ ᠪᠠᠶᠠᠷ ᠪᠠᠶᠠᠰᠤᠯ ᠢ ᠠᠪᠴᠢᠷᠠᠬᠤ ᠮᠠᠭᠠᠳ᠃ | 1. ᠦᠳᠡᠯᠦᠬᠡ ᠨᠠᠰᠤ ᠪᠠᠨ ᠤᠮᠠᠷᠳᠠᠨ᠂ ᠦᠷᠬᠦᠯᠵᠢ ᠵᠠᠯᠠᠭᠤ ᠰᠡᠳᠬᠢᠯᠬᠡ ᠶᠢ ᠬᠠᠳᠠᠭᠠᠯᠠᠵᠦ᠂ ᠠᠮᠢᠳᠤᠷᠠᠯ ᠳᠤ ᠪᠠᠨ ᠪᠠᠶᠠᠰᠤᠩᠭᠤᠢ ᠤᠪᠤᠷ ᠢᠶᠠᠷ ᠬᠠᠨᠳᠤᠬᠤ | ᠬᠡᠷᠡᠭᠳᠡᠢ᠃ | 2. ᠴᠢᠨᠦ ᠬᠠᠮᠤᠭ ᠤᠨ ᠳᠤᠳᠤᠨᠤᠰᠤᠭ ᠪᠤᠶᠤ ᠬᠠᠮᠤᠭ ᠤᠨ ᠪᠠᠭ᠋ᠠᠷᠬᠠᠬᠤ ᠬᠦᠮᠦᠨ ᠲᠠᠢ ᠪᠠᠨ ᠢᠯᠡᠬᠦᠦ ᠶᠠᠪᠤᠯᠴᠠᠵᠦ᠂ ᠦᠷᠦᠬᠡᠯ ᠤᠯᠠᠨ ᠠᠴᠠ ᠬᠡᠵᠢᠶᠡᠳᠡ | ᠰᠠᠯᠬᠤ ᠦᠬᠡᠢ ᠪᠠᠶᠢᠬᠤ ᠪᠠ ᠦᠪᠡᠷ ᠢ ᠪᠠᠨ ᠭᠤᠯᠤᠬᠤ ᠦᠬᠡᠢ ᠪᠠᠶᠢᠬᠤ ᠬᠡᠷᠡᠭᠳᠡᠢ᠃ | 3. ᠦᠷᠬᠦᠯᠵᠢ ᠱᠤᠭ ᠬᠤᠱᠤᠩ ᠵᠤᠬᠢᠶᠠᠯ ᠢ ᠤᠩᠰᠢᠬᠤ ᠪᠠ ᠬᠤᠱᠤᠩ ᠵᠦᠴᠦᠬᠡ᠂ ᠺᠢᠨᠤ᠋ ᠵᠡᠷᠬᠡ ᠶᠢ ᠰᠤᠨᠢᠷᠬᠠᠵᠦ ᠪᠠᠶᠢᠬᠤ ᠬᠡᠷᠡᠭᠳᠡᠢ᠃ ᠢᠨᠢᠶᠡᠮᠰᠦᠭᠯᠡᠬᠦ | ᠪᠤᠶᠤ ᠬᠠᠳᠠᠭᠠᠨᠠᠳᠠᠯ᠎ᠠ ᠢᠨᠢᠶᠡᠬᠦ ᠨᠢ ᠪᠦᠷ ᠴᠦ ᠪᠠᠶᠠᠨ ᠳᠤ ᠠᠰᠢᠭᠳᠡᠢ ᠪᠠᠶᠢᠳᠠᠭ᠃ | 4. ᠬᠦᠨ ᠨᠤᠶᠢᠷᠰᠤᠬᠤ ᠨᠢ ᠡᠬᠡᠯᠢᠯᠡᠬᠦ ᠴᠢᠳᠠᠯ ᠢ ᠰᠠᠶᠢᠵᠢᠷᠠᠭᠤᠯᠳᠠᠭ᠃ ᠡᠶᠢᠮᠦ ᠠᠴᠠ ᠦᠳᠡᠰᠢ ᠨᠢ ᠰᠠᠶᠢᠨ ᠤᠨᠳᠠᠭᠰᠠᠨ ᠦᠬᠡᠢ ᠪᠤᠯ ᠡᠳᠦᠷ ᠨᠢ ᠦᠳᠡ | ᠶᠢᠨ ᠨᠤᠶᠢᠷ ᠢᠶᠠᠷ ᠨᠦᠬᠦᠪᠦᠷᠢᠯᠡᠬᠦ ᠬᠡᠷᠡᠭᠳᠡᠢ᠃ ᠡᠬᠦᠨ ᠳᠤ ᠡᠳᠦᠷ ᠪᠦᠷᠢ 6 — 8 ᠴᠠᠭ ᠤᠨ ᠤᠨᠳᠠᠯᠭ᠎ᠠ ᠶᠢ ᠪᠠᠳᠤᠯᠠᠬᠤ ᠬᠡᠷᠡᠭᠳᠡᠢ᠃ | 5. ᠠᠮᠢᠳᠤᠷᠠᠯ ᠤᠨ ᠲᠤᠮᠳᠠ ᠳᠠᠷᠤᠯᠳᠠ ᠠᠴᠠ ᠪᠤᠤ ᠠᠶᠤ᠂ ᠦᠷᠢᠰᠦᠯᠳᠦᠬᠡᠨ ᠢ ᠬᠦᠯᠢᠶᠡᠵᠦ᠂ ᠬᠦᠴᠢᠷᠳᠡᠯᠭᠡ ᠶᠢ ᠳᠠᠰᠪᠦᠷᠢᠯᠡᠬᠦ ᠭᠡᠷᠡᠭᠳᠡᠢ᠃ | 6. ᠬᠡᠷᠪᠡ ᠤᠳᠤᠬᠠᠨ ᠤ ᠠᠮᠢᠳᠤᠷᠠᠯ ᠨᠢ ᠰᠤᠨᠢᠷᠬᠠᠯ ᠦᠬᠡᠢ ᠬᠡᠵᠦ ᠰᠠᠨᠠᠭᠳᠠᠪᠠᠯ ᠰᠢᠨ᠎ᠡ ᠬᠠᠷᠠᠯᠳᠠ ᠶᠢ ᠰᠤᠩᠭᠤᠵᠦ᠂ ᠦᠪᠡᠷ ᠤᠨ ᠢᠶᠠᠨ ᠤᠯᠠᠨ ᠳᠠᠯ᠎ᠠ ᠶᠢᠨ | ᠲᠤᠷ᠎ᠠ ᠪᠠᠬ᠎ᠠ ᠪᠠᠨ ᠬᠦᠮᠦᠵᠢᠬᠦᠯᠵᠦ᠂ ᠲᠤᠷ᠎ᠠ ᠰᠤᠨᠢᠷᠬᠠᠯ ᠢᠶᠠᠨ ᠦᠷᠬᠡᠳᠬᠡᠬᠦ ᠬᠡᠷᠡᠭᠳᠡᠢ᠃ | 7. ︽ᠠᠮᠢ ᠨᠠᠰᠤ ᠪᠤᠯ ᠬᠦᠳᠡᠯᠬᠡᠬᠡᠨ ᠤ ᠳᠤᠮᠳᠠ ᠤᠷᠤᠰᠢᠬᠤ︾ ᠤᠴᠢᠷ ᠠᠴᠠ ᠪᠢᠳᠠ ᠤᠯᠠᠨ ᠵᠦᠢᠯ ᠤᠨ ᠠᠷᠭ᠎ᠠ ᠪᠠᠷ ᠪᠡᠶ᠎ᠡ ᠪᠠᠨ ᠴᠢᠬᠢᠷᠠᠭᠵᠢᠭᠤᠯᠬᠤ | ᠬᠦᠳᠡᠯᠬᠡᠬᠡᠨ ᠢ ᠪᠠᠶᠢᠩᠭᠤ ᠬᠢᠬᠦ ᠬᠡᠷᠡᠭᠳᠡᠢ᠃ ᠦᠷᠯᠦᠬᠡ ᠪᠡᠶ᠎ᠡ ᠪᠠᠨ ᠪᠤᠯᠪᠠᠰᠤᠷᠠᠭᠤᠯᠵᠦ᠂ ᠦᠳᠡᠰᠢ ᠰᠡᠯᠡᠬᠦᠴᠡᠨ ᠠᠯᠬᠤᠨ᠎ᠠ᠃ ᠬᠦᠳᠡᠯᠬᠡᠬᠡᠨ ᠢᠶᠠᠷ ᠮᠠᠷᠢᠶ᠎ᠠ ᠪᠠᠨ | ᠱᠤᠭᠤᠷᠠᠭᠤᠯᠬᠤ ᠬᠡᠷᠡᠭᠳᠡᠢ᠃ | 8. ᠡᠪᠡᠳᠴᠢᠯᠡᠪᠡᠯ ᠳᠡᠷᠡ ᠳᠠᠷᠤᠢ ᠳᠤ ᠨᠢ ᠡᠮᠴᠢ ᠪᠠᠷ ᠦᠵᠡᠬᠦᠯᠬᠦ ᠬᠡᠷᠡᠭᠳᠡᠢ᠃ ᠵᠢᠯ ᠪᠦᠷᠢ ᠨᠢᠬᠡ ᠤᠳᠠᠭ᠎ᠠ ᠪᠡᠶ᠎ᠡ ᠶᠢᠨ ᠪᠠᠶᠢᠴᠠᠭᠠᠯᠳᠠ ᠬᠢᠯᠬᠡᠵᠦ᠂ | ᠡᠪᠡᠳᠴᠢᠨ ᠢ ᠪᠠᠭ᠎ᠠ ᠳᠤ ᠨᠢ ᠡᠮᠨᠡᠵᠦ᠂ ᠳᠡᠬᠦᠨ ᠤ ᠰᠦᠷᠳᠡᠬᠦᠯᠦᠯ ᠢ ᠰᠡᠷᠬᠡᠶᠢᠯᠡᠬᠦ ᠬᠡᠷᠡᠭᠳᠡᠢ᠃ | 9. ᠨᠢᠬᠡᠨ ᠬᠠᠯᠠᠭᠤᠨ ᠳᠤᠳᠤᠨᠤᠰᠤᠭ᠂ ᠡᠶ᠎ᠡ ᠵᠤᠬᠢᠴᠠᠩᠭᠤᠢ᠂ ᠵᠤᠯ ᠵᠢᠷᠭᠠᠯᠳᠠᠢ ᠬᠡᠷ ᠪᠦᠯᠢ ᠶᠢ ᠪᠠᠶᠢᠭᠤᠯᠵᠦ᠂ ᠬᠡᠦᠬᠡᠳ ᠠᠴᠢᠷ ᠲᠠᠢ ᠪᠠᠨ ᠡᠰᠢ ᠤᠭᠰᠠᠭ᠎ᠠ | ᠶᠢᠨ ᠡᠪ ᠴᠡᠩᠬᠡᠯ ᠢ ᠡᠳ᠋ᠯᠡᠭᠰᠡᠨ ᠪᠠᠶᠢᠬᠤ᠃ | 10. ᠪᠠᠶᠠᠨ ᠶᠠᠳᠠᠭᠤ ᠬᠡᠵᠦ ᠢᠯᠭᠠᠯ ᠦᠬᠡᠢ ᠪᠦᠷ ᠢᠳᠡᠬᠡᠨ ᠤᠮᠳᠠᠭᠠᠨ ᠪᠠ ᠠᠮᠢᠳᠤᠷᠠᠯ ᠤᠨ ᠳᠠᠳᠬᠠᠯ ᠤᠨ ᠲᠤᠬᠢᠷᠠᠭᠤᠯᠤᠯᠳᠠ ᠶᠢ ᠠᠩᠬᠠᠷᠴᠤ᠂ ᠰᠢᠨ᠎ᠡ | ᠰᠤᠷᠭᠤᠭ ᠨᠤᠭᠤᠭ᠎ᠠ ᠵᠢᠮᠢᠰ ᠢ ᠢᠯᠡᠬᠦᠦ᠂ ᠳᠠᠪᠤᠰᠤ᠂ ᠰᠢᠬᠢᠷ᠂ ᠳᠠᠷᠭᠤᠨ ᠮᠢᠬ᠎ᠠ ᠶᠢ ᠪᠠᠭ᠎ᠠ ᠢᠳᠡᠬᠦ ᠬᠡᠷᠡᠭᠳᠡᠢ᠃ ᠡᠷᠬᠡᠪᠰᠢ ᠳᠤᠭᠳᠠᠭᠰᠠᠨ ᠴᠠᠭ ᠲᠤ ᠪᠠᠨ ᠤᠨᠳᠠᠵᠦ᠂ | ᠳᠤᠭᠳᠠᠭᠰᠠᠨ ᠴᠠᠭ ᠲᠤ ᠪᠠᠨ ᠪᠤᠰᠤᠨ᠂ ᠠᠵᠢᠯᠯᠠᠵᠦ ᠠᠮᠠᠷᠠᠬᠤ ᠪᠠᠨ ᠵᠢᠮ᠎ᠡ ᠶᠤᠰᠤᠵᠢᠭᠤᠯᠤᠭᠰᠠᠨ ᠪᠠᠶᠢᠬᠤ ᠬᠡᠷᠡᠭᠳᠡᠢ᠃ | ᠡᠷᠡᠬᠦᠯ ᠴᠢᠬᠢᠷᠠᠭ ᠲᠤ ᠡᠵᠡᠩᠨᠡᠯᠳᠡ ᠬᠢᠵᠦ ᠪᠤᠯᠤᠨ᠎ᠠ᠃ ᠡᠬᠦᠨ ᠳᠤ ᠡᠵᠡᠨ ᠨᠢ ᠳᠠᠷᠤᠢ ᠦᠪᠡᠷ ᠢᠶᠠᠨ ᠪᠤᠯᠤᠨ᠎ᠠ᠃ ᠡᠷᠡᠬᠦᠯ ᠴᠢᠬᠢᠷᠠᠭ ᠪᠠᠶᠢᠬᠤ ᠨᠢ ᠠᠯᠢᠪᠠ | ᠪᠦᠬᠦᠨ ᠪᠠᠶᠢᠬᠤ ᠶᠢ ᠲᠦᠯᠦᠬᠡᠯᠡᠵᠦ ᠴᠢᠳᠠᠬᠤ ᠦᠬᠡᠢ᠂ ᠬᠡᠪᠡᠴᠦ ᠡᠷᠡᠬᠦᠯ ᠴᠢᠬᠢᠷᠠᠭ ᠢᠶᠠᠨ ᠠᠯᠳᠠᠪᠠᠯ ᠠᠯᠢᠪᠠ ᠪᠦᠬᠦᠨ ᠢᠶᠠᠨ ᠠᠯᠳᠠᠭᠰᠠᠨ ᠶᠠᠪᠤᠳᠠᠯ ᠪᠤᠯᠤᠨ᠎ᠠ᠃ | ᠡᠶᠢᠮᠦ ᠠᠴᠠ ᠡᠷᠡᠬᠦᠯ ᠴᠢᠬᠢᠷᠠᠭ ᠶᠠᠪᠤᠬᠤ ᠶᠢ ᠡᠩ ᠳᠡᠷᠢᠬᠦᠨ ᠳᠤ ᠳᠠᠯᠪᠢᠬᠤ ᠬᠡᠷᠡᠭᠳᠡᠢ᠃ | | | | | | |