| ᠨᠢᠭᠡ ᠳᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠤᠯᠢ ᠶᠣᠰᠣᠭᠠᠷ ᠳᠥᠯᠭᠢᠨ ᠠᠬᠢᠭᠤᠯᠪᠠ᠃ | 2021 ᠣᠨ ᠳᠤ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠪᠠᠷ | ᠳᠠᠮᠵᠢᠭᠤᠯᠤᠨ ᠡᠯ᠎ᠡ ᠲᠥᠷᠥᠯ ᠤᠨ ᠮᠡᠳᠡᠭᠡ ᠵᠠᠩᠭᠢ ᠶᠢ ᠨᠡᠶᠢᠲᠡ 7348 ᠵᠤᠷᠪᠤᠰ ᠨᠡᠶᠢᠲᠡᠯᠡᠪᠡ᠂ ᠡᠭᠦᠨ ᠳᠤ | ᠭᠤᠤᠯᠳᠠᠯᠭ᠎ᠠ ᠲᠠᠢ ᠮᠡᠳᠡᠭᠡ ᠵᠠᠩᠭᠢ ᠶᠢᠨ ᠲᠥᠷᠥᠯ 705 ᠵᠤᠷᠪᠤᠰ᠂ ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠵᠢᠴᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠲᠥᠷᠥᠯ 111 ᠵᠤᠷᠪᠤᠰ᠂ ᠪᠠᠯᠠ ᠮᠥᠩᠭᠦ ᠶᠢᠨ | ᠮᠡᠳᠡᠭᠡ ᠵᠠᠩᠭᠢ ᠶᠢᠨ ᠲᠥᠷᠥᠯ 358 ᠵᠤᠷᠪᠤᠰ᠂ ᠵᠠᠰᠠᠭ ᠤᠨ ᠶᠠᠪᠤᠳᠠᠯ ᠤᠨ ᠬᠥᠳᠡᠯᠦᠩᠭᠦᠶ ᠲᠥᠷᠥᠯ 4335 | ᠵᠤᠷᠪᠤᠰ᠂ ᠬᠠᠷᠢᠯᠴᠠᠨ ᠬᠥᠳᠡᠯᠦᠯᠴᠡᠵᠦ ᠬᠠᠷᠢᠭᠤ ᠥᠭᠬᠦ ᠲᠥᠷᠥᠯ 155 ᠵᠤᠷᠪᠤᠰ᠂ ᠪᠤᠰᠤᠳ ᠲᠥᠷᠥᠯ ᠤᠨ ᠮᠡᠳᠡᠭᠡ | ᠵᠠᠩᠭᠢ 1684 ᠵᠤᠷᠪᠤᠰ ᠪᠣᠶ᠃ | ᠬᠤᠶᠠᠷ ᠲᠤ᠂ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠶᠢᠨ ᠲᠠᠪᠴᠠᠩ ᠤᠨ ᠪᠠᠶᠢᠭᠤᠯᠤᠯᠲᠠ ᠶᠢᠨ | ᠠᠵᠢᠯ ᠢ ᠦᠨᠡᠨ ᠬᠦ ᠴᠢᠩᠭᠠᠳᠬᠠᠪᠠ᠃《 ᠲᠠᠰ ᠲᠥᠷᠥᠯ ᠬᠤᠪᠢᠶᠠᠬᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ᠂ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠬᠦ᠂ ᠨᠡᠭᠡᠭᠡᠯᠲᠡ ᠬᠢᠵᠦ ᠰᠢᠨ᠎ᠡ ᠶᠢ | ᠡᠭᠦᠳᠬᠦ᠂ ᠡᠷᠴᠢᠮᠵᠢᠭᠦᠯᠦᠨ ᠠᠷᠪᠢᠯᠠᠬᠤ 》ᠵᠠᠷᠴᠢᠮ ᠶᠣᠰᠣᠭᠠᠷ᠂ ᠠᠵᠢᠯ ᠤᠨ ᠬᠡᠷᠡᠭᠴᠡᠭᠡ ᠲᠠᠢ ᠪᠠᠨ | ᠤᠶᠠᠯᠳᠤᠭᠤᠯᠤᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠪᠠᠨ ᠥᠭᠡᠷᠡᠴᠢᠯᠡᠵᠦ ᠲᠠᠰ | ᠳᠡᠪᠰᠢᠭᠦᠯᠬᠦ ᠠᠵᠢᠯ ᠢ ᠪᠡᠶᠡᠯᠡᠭᠦᠯᠪᠡ᠃ | ᠭᠤᠷᠪᠠ ᠳᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠤᠯᠠᠮ ᠨᠢᠭᠡ ᠠᠯᠬᠤᠮ ᠵᠢᠷᠤᠮᠵᠢᠭᠤᠯᠪᠠ᠃《 ᠬᠡᠨ ᠨᠡᠭᠡᠭᠡᠪᠡᠯ ᠬᠡᠨ ᠭᠤᠤᠯᠯᠠᠨ ᠡᠷᠬᠢᠯᠡᠬᠦ 》ᠵᠠᠷᠴᠢᠮ ᠢ ᠵᠢᠷᠤᠮᠯᠠᠨ᠂ | ᠬᠥᠮᠦᠨ ᠤ ᠬᠦᠴᠦ ᠪᠠᠷ ᠳᠠᠬᠢᠨ ᠬᠢᠨᠠᠬᠤ ᠪᠠ ᠮᠡᠷᠭᠡᠵᠢᠯ ᠤᠨ ᠠᠷᠭ᠎ᠠ ᠪᠠᠷᠢᠯ ᠢ ᠤᠶᠠᠯᠳᠤᠭᠤᠯᠬᠤ ᠠᠷᠭ᠎ᠠ ᠬᠡᠯᠪᠡᠷᠢ ᠪᠠᠷ | ᠳᠠᠮᠵᠢᠭᠤᠯᠤᠨ᠂ ᠪᠥᠬᠦ ᠬᠤᠰᠢᠭᠤᠨ ᠤ ᠰᠢᠰᠲ᠋ᠧᠮ ᠤᠨ ᠳᠣᠲᠣᠷᠠᠬᠢ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠤᠨ ᠠᠭᠤᠯᠭ᠎ᠠ ᠶᠢ ᠰᠢᠨᠡᠳᠬᠡᠬᠦ᠂ ᠬᠠᠷᠢᠯᠴᠠᠨ ᠬᠠᠷᠢᠭᠤ ᠥᠭᠬᠦ᠂ ᠪᠤᠷᠤᠭᠤ ᠲᠣᠭᠠᠴᠢᠯᠲᠠ ᠬᠢᠬᠦ ᠵᠡᠷᠭᠡ | ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠵᠦ᠂ ᠬᠡᠪᠰᠢᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠠᠷᠭ᠎ᠠ ᠵᠠᠮ ᠢ ᠥᠷᠭᠡᠳᠬᠡᠪᠡ ᠃ | ᠳᠥᠷᠪᠡ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠪᠦᠲᠦᠮᠵᠢᠲᠡᠶ ᠨᠠᠶᠢᠳᠠᠪᠤᠷᠢᠵᠢᠭᠤᠯᠪᠠ᠃ 2021 ᠣᠨ ᠳᠤ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠬᠢᠨᠠᠨ ᠬᠡᠮᠵᠢᠵᠦ ᠣᠯᠤᠭᠰᠠᠨ | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠪᠤᠷᠤᠭᠤ ᠥᠰᠥᠭ ᠤᠨ | ᠲᠠᠯ᠎ᠠ ᠶᠢᠨ ᠠᠰᠠᠭᠤᠳᠠᠯ 69494᠂ ᠵᠠᠰᠠᠭ ᠤᠨ ᠣᠷᠳᠣᠨ ᠤ ᠰᠦᠯᠵᠢᠶᠡᠨ ᠤ ᠭᠠᠳᠠᠨᠠᠬᠢ ᠬᠡᠯᠬᠢᠶᠡᠰᠦ᠂ ᠪᠤᠷᠤᠭᠤ | ᠬᠡᠯᠬᠢᠶᠡᠰᠦ ᠨᠡᠶᠢᠲᠡ 1276᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠣᠪᠴᠢᠶ᠎ᠠ ᠶᠢᠨ ᠪᠥᠬᠦ ᠬᠤᠰᠢᠭᠤᠨ ᠤ ᠰᠢᠰᠲ᠋ᠧᠮ ᠤᠨ ᠳᠣᠲᠣᠷᠠᠬᠢ ᠵᠠᠰᠠᠭ ᠤᠨ ᠶᠠᠪᠤᠳᠠᠯ ᠤᠨ | ᠰᠢᠨ᠎ᠡ ᠵᠠᠭᠤᠴᠢᠯᠠᠭᠤᠷ ᠤᠨ ᠪᠤᠷᠤᠭᠤ ᠥᠰᠥᠭ ᠤᠨ ᠲᠠᠯ᠎ᠠ ᠶᠢᠨ ᠠᠰᠠᠭᠤᠳᠠᠯ ᠢ 975 ᠵᠤᠷᠪᠤᠰ ᠪᠠᠶᠢᠴᠠᠭᠠᠨ ᠣᠯᠪᠠ᠃ | ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠨᠢᠭᠡ ᠠᠴᠠ ᠵᠦᠶᠴᠢᠯᠡᠨ ᠨᠥᠭᠦᠭᠡ ᠶᠢ ᠮᠡᠳᠡᠵᠦ᠂ | ᠠᠷᠭᠠᠴᠠᠬᠤ ᠲᠣᠭᠲᠠᠴᠠ ᠶᠢ ᠲᠣᠭᠲᠠᠭᠠᠨ᠂ ᠪᠠᠷᠢᠮᠵᠢᠶ᠎ᠠ ᠶᠣᠰᠣᠭᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠪᠡᠶᠡᠯᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ | ᠪᠦᠲᠦᠮᠵᠢᠲᠡᠶ ᠳᠡᠭᠡᠭᠰᠢᠯᠡᠭᠦᠯᠪᠡ᠃ |