| ᠡᠶ᠎ᠡ ᠵᠣᠬᠢᠴᠠᠩᠭᠤᠶ ᠲᠣᠭᠲᠠᠭᠤᠨ ᠨᠡᠶᠢᠭᠡᠮ ᠤᠨ ᠬᠥᠳᠡᠯᠮᠦᠷᠢ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ | ᠪᠠᠶᠢᠭᠤᠯᠵᠤ᠂ ᠬᠥᠳᠡᠯᠮᠦᠷᠢᠴᠢᠨ ᠪᠠ ᠠᠵᠢᠯᠴᠢᠨ ᠬᠡᠷᠡᠭᠯᠡᠬᠦ ᠨᠢᠭᠡᠴᠢ ᠶᠢᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ ᠶᠠᠰᠤ | ᠴᠢᠨᠠᠷ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ ᠪᠠᠷ ᠭᠤᠤᠯᠳᠠᠯᠭ᠎ᠠ ᠪᠣᠯᠭᠠᠵᠤ᠂ ᠨᠢᠭᠡᠨ | ᠥᠨᠳᠥᠷ ᠪᠦᠲᠦᠮᠵᠢᠲᠡᠶ᠂ ᠠᠷᠠᠳ ᠲᠤ ᠲᠥᠬᠦᠮ᠂ ᠲᠥᠪ ᠭᠤᠤᠯᠴᠢ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ | ᠲᠣᠭᠲᠠᠭᠠᠬᠤ ᠡᠩᠨᠡᠭᠡ ᠶᠢ ᠪᠣᠯᠪᠠᠰᠤᠷᠠᠭᠤᠯᠵᠤ᠂ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ | ᠬᠠᠮᠢᠶᠠᠷᠤᠯᠲᠠ ᠶᠢᠨ ᠦᠶᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ ᠃ | ᠨᠢᠭᠡ ᠳᠤ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ ᠃ ᠮᠠᠨ ᠤ ᠲᠣᠪᠴᠢᠶ᠎ᠠ ᠦᠨᠳᠦᠰᠦᠨ | ᠬᠠᠤᠯᠢ ᠶᠢᠨ ᠤᠬᠠᠭᠤᠯᠭ᠎ᠠ ᠶᠢᠨ ᠭᠠᠷᠠᠭ ᠢ ᠠᠵᠤ ᠠᠬᠤᠶᠢᠯᠠᠯ ᠳᠤ ᠣᠷᠣᠭᠤᠯᠬᠤ ᠵᠡᠷᠭᠡ ᠬᠡᠯᠪᠡᠷᠢ ᠲᠠᠢ ᠢᠳᠡᠪᠬᠢᠲᠡᠶ | ᠤᠶᠠᠯᠳᠤᠭᠤᠯᠤᠨ᠂ 《 ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠦᠷᠢᠮ 》᠂ ᠠᠶᠤᠯᠭᠦᠶ | ᠦᠶᠯᠡᠳᠪᠦᠷᠢᠯᠡᠯ ᠤᠨ ᠠᠵᠢᠯ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ᠂ ᠠᠵᠢᠯ ᠠᠴᠠ ᠪᠣᠯᠤᠭᠰᠠᠨ ᠭᠡᠮᠲᠦᠯ ᠤᠨ | ᠬᠠᠷᠠᠭᠠᠯᠵᠠᠯ ᠤᠨ ᠲᠥᠯᠥᠪᠦᠷᠢ ᠵᠡᠷᠭᠡ ᠠᠭᠤᠯᠭ᠎ᠠ ᠶᠢ ᠨᠠᠷᠢᠨ ᠬᠢᠨᠠᠮᠠᠭᠠᠶ ᠤᠬᠠᠭᠤᠯᠵᠤ᠂ ᠠᠵᠤ ᠠᠬᠤᠶᠢᠯᠠᠯ ᠢ | ᠬᠥᠲᠥᠯᠥᠨ ᠵᠢᠯᠣᠭᠤᠳᠴᠤ ᠪᠠᠶᠢᠭᠠᠳ ᠠᠶᠤᠯᠭᠦᠶ ᠦᠶᠯᠡᠳᠪᠦᠷᠢᠯᠡᠭᠦᠯᠵᠦ᠂ ᠬᠥᠳᠡᠯᠮᠦᠷᠢᠴᠢᠳ ᠤᠨ ᠪᠡᠶ᠎ᠡ ᠮᠠᠬᠠᠪᠣᠳ | ᠪᠠ ᠠᠮᠢ ᠨᠠᠰᠤᠨ ᠤ ᠠᠮᠤᠷ ᠲᠦᠪᠰᠢᠨ ᠢ ᠴᠢᠬᠤᠯᠠᠴᠢᠯᠠᠪᠠ︔ ᠥᠷᠭᠡᠨ ᠣᠯᠠᠨ ᠬᠥᠳᠡᠯᠮᠦᠷᠢᠯᠡᠭᠴᠢᠳ ᠢ | ᠬᠥᠮᠦᠵᠢᠭᠦᠯᠦᠨ ᠠᠶᠤᠯ ᠦᠭᠡᠶ ᠦᠢᠯᠡᠳᠪᠦᠷᠢᠯᠡᠯ ᠤᠨ ᠦᠵᠡᠯ ᠤᠬᠠᠮᠰᠠᠷ ᠢ ᠪᠣᠶ ᠪᠣᠯᠭᠠᠵᠤ᠂ ᠠᠵᠢᠯᠯᠠᠭᠠᠨ ᠤ | ᠵᠢᠷᠤᠮᠵᠢᠯ ᠢ ᠴᠢᠩᠳᠠᠯᠠᠨ᠂ ᠲᠤᠰ ᠪᠡᠶ᠎ᠡ ᠶᠢᠨ ᠪᠠ ᠠᠮᠢ ᠨᠠᠰᠤᠨ ᠤ ᠠᠮᠤᠷ ᠲᠦᠪᠰᠢᠨ ᠢᠶᠠᠨ ᠬᠠᠮᠠᠭᠠᠯᠠᠵᠤ᠂ ᠠᠵᠢᠯ | ᠠᠴᠠ ᠪᠣᠯᠤᠭᠰᠠᠨ ᠭᠡᠮᠲᠦᠯ ᠤᠨ ᠠᠳᠡᠯ ᠭᠠᠷᠬᠤ ᠨᠣᠷᠮ᠎ᠠ ᠶᠢ ᠪᠠᠭᠠᠰᠬᠠᠪᠠ᠃ | ᠬᠤᠶᠠᠷ ᠲᠤ᠂ ᠳᠡᠰ ᠳᠠᠷᠠᠭᠠᠯᠠᠯ ᠢ ᠴᠢᠩᠭ᠎ᠠ ᠪᠠᠶᠢᠯᠭᠠᠬᠤ ᠶᠢ ᠪᠠᠷᠢᠮᠲᠠᠯᠠᠨ᠎ᠠ ᠃ ᠡᠩ ᠲᠡᠷᠢᠭᠦᠨ ᠳᠤ᠂ ᠠᠵᠢᠯ | ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ ᠱᠠᠲᠤᠨ ᠳᠤ᠂ ᠬᠡᠷᠡᠭ ᠪᠣᠯᠭᠠᠨ ᠳᠤ ᠥᠴᠦᠬᠡᠨ ᠴᠦ | ᠣᠰᠣᠯᠳᠠᠬᠤ ᠦᠭᠡᠢ᠂ ᠨᠠᠷᠢᠨ ᠬᠢᠨᠠᠮᠠᠭᠠᠢ ᠬᠠᠨᠳᠤᠬᠤ ᠪᠠᠷ ᠴᠢᠷᠮᠠᠶᠢᠨ᠎ᠠ ᠃ ᠬᠦᠴᠢᠷ ᠲᠦᠪᠡᠭᠲᠡᠢ᠂ ᠪᠤᠳᠤᠯᠢᠶᠠᠨᠲᠠᠢ | ᠬᠡᠷᠡᠭ ᠲᠤ᠂ ᠴᠠᠭ ᠲᠤᠬᠠᠢ ᠳᠤᠨᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ | ᠶᠢᠨ ᠰᠠᠯᠠᠭ᠎ᠠ ᠮᠥᠴᠢᠷ᠂ ᠬᠠᠤᠯᠢ ᠳᠦᠷᠢᠮ ᠤᠨ ᠠᠯᠪᠠᠨ ᠭᠡᠷ᠂ ᠠᠷᠠᠳ ᠤᠨ ᠰᠢᠭᠦᠬᠦ ᠬᠤᠷᠢᠶᠠᠨ ᠤ ᠠᠵᠢᠯᠲᠠᠨ ᠵᠢᠴᠢ | ᠰᠢᠯᠢᠳᠡᠭ ᠬᠠᠤᠯᠢᠴᠢ ᠶᠢ ᠤᠷᠢᠵᠤ ᠣᠨᠣᠰᠢᠯᠠᠨ ᠣᠨᠣᠰᠢᠯᠠᠭᠤᠯᠵᠤ᠂ ᠠᠵᠢᠯ ᠠᠴᠠ ᠪᠣᠯᠤᠭᠰᠠᠨ ᠭᠡᠮᠲᠦᠯ ᠤᠨ ᠪᠣᠳᠠᠲᠤ | ᠬᠡᠷᠡᠭ ᠢ ᠮᠠᠭᠠᠳᠯᠠᠨ ᠲᠣᠭᠲᠠᠭᠠᠭᠰᠠᠨ ᠨᠢ ᠲᠣᠳᠣᠷᠬᠠᠢ᠂ ᠭᠡᠷᠡᠴᠢ ᠪᠠᠷᠢᠮᠲᠠ ᠨᠢ ᠪᠠᠲᠤᠲᠠᠢ᠂ ᠵᠢᠷᠤᠮ ᠨᠢ ᠬᠠᠤᠯᠢ ᠳᠤ | ᠨᠡᠶᠢᠴᠡᠬᠦ᠂ ᠬᠠᠤᠯᠢ ᠴᠠᠭᠠᠵᠠ ᠶᠢ ᠣᠨᠣᠪᠴᠢᠲᠠᠢ ᠬᠡᠷᠡᠭᠯᠡᠬᠦ ᠶᠢ ᠪᠡᠶᠡᠯᠡᠭᠦᠯᠪᠡ ᠃ ᠲᠤᠬᠠᠢ ᠶᠢᠨ ᠬᠥᠮᠦᠨ ᠤ | ᠵᠥᠪᠰᠢᠶᠡᠷᠡᠬᠦ ᠦᠭᠡᠢ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠢ | ᠬᠥᠮᠦᠨ ᠲᠤᠬᠢᠷᠠᠭᠤᠯᠤᠨ ᠬᠡᠷᠡᠭ ᠤᠨ ᠮᠠᠲ᠋ᠧᠷᠢᠶᠠᠯ ᠤᠨ ᠪᠡᠯᠡᠳᠬᠡᠯ᠂ ᠵᠠᠷᠭᠤ ᠬᠦᠯᠢᠶᠡᠬᠦ ᠵᠡᠷᠭᠡ ᠶᠠᠪᠤᠳᠠᠯ ᠢ | ᠬᠠᠷᠢᠭᠤᠴᠠᠭᠤᠯᠪᠠ ᠃ ᠬᠡᠷᠡᠭ ᠢ ᠰᠢᠭᠦᠵᠦ ᠳᠠᠭᠤᠰᠬᠠᠭᠰᠠᠨ ᠤ ᠳᠠᠷᠠᠭ᠎ᠠ᠂ ᠪᠤᠢ ᠪᠦᠬᠦᠢ ᠮᠠᠲ᠋ᠧᠷᠢᠶᠠᠯ ᠢ ᠴᠠᠭ ᠲᠤᠬᠠᠢ | ᠳᠤᠨᠢ ᠳᠠᠩᠰᠠ ᠡᠪᠬᠡᠮᠡᠯ ᠳᠤ ᠣᠷᠣᠭᠤᠯᠵᠤ᠂ ᠲᠤᠷᠰᠢᠯᠭ᠎ᠠ ᠰᠤᠷᠭᠠᠮᠵᠢ ᠪᠠᠨ ᠬᠢᠨᠠᠮᠠᠭᠠᠢ ᠳ᠋ᠦᠩᠨᠡᠵᠦ᠂ ᠬᠡᠷᠡᠭ | ᠰᠢᠢᠳᠪᠦᠷᠢᠯᠡᠬᠦ ᠪᠠ ᠵᠠᠷᠭᠤ ᠬᠦᠯᠢᠶᠡᠬᠦ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠪᠡ ᠃ | ᠭᠤᠷᠪᠠ ᠳᠤ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠨ᠎ᠠ ᠃ ᠪᠠᠶᠢᠴᠠᠭᠠᠵᠤ ᠭᠡᠷᠡᠴᠢ ᠠᠪᠬᠤ ᠠᠵᠢᠯ | ᠤᠨ ᠤᠷ᠎ᠠ ᠳᠡᠮ ᠢ ᠳᠡᠭᠡᠭᠰᠢᠯᠡᠭᠦᠯᠵᠦ᠂ ᠬᠡᠷᠡᠭ ᠲᠣᠬᠢᠶᠠᠯᠳᠤᠪᠠᠯ ᠵᠠᠪᠠᠯ ᠵᠥᠪᠯᠡᠬᠦ ᠬᠡᠷᠡᠭᠲᠡᠢ ᠃ ᠦᠬᠦᠭᠰᠡᠨ᠂ | ᠪᠤᠳᠤᠯᠢᠶᠠᠨᠲᠠᠢ᠂ ᠬᠦᠴᠢᠷ ᠲᠦᠪᠡᠭᠲᠡᠢ᠂ ᠮᠠᠷᠭᠤᠭᠠᠨ ᠲᠠᠢ ᠵᠡᠷᠭᠡ ᠭᠤᠣᠯᠳᠠᠯᠭ᠎ᠠ ᠲᠠᠢ ᠬᠡᠷᠡᠭ ᠲᠣᠬᠢᠶᠠᠯᠳᠤᠪᠠᠯ ᠵᠠᠪᠠᠯ | ᠪᠠᠶᠢᠴᠠᠭᠠᠬᠤ᠂ ᠠᠵᠢᠯᠲᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠬᠦ ᠶᠢ ᠭᠦᠢᠴᠡᠳᠬᠡᠵᠦ᠂ ᠬᠡᠷᠡᠭ ᠤᠨ | ᠰᠢᠷᠬᠠᠲᠤᠭᠰᠠᠨ ᠪᠠᠶᠢᠳᠠᠯ ᠢ ᠪᠠᠶᠢᠴᠠᠭᠠᠨ ᠣᠶᠢᠯᠠᠭᠠᠵᠤ᠂ ᠲᠤᠬᠠᠢ ᠶᠢᠨ ᠲᠠᠯᠠᠪᠠᠢ ᠶᠢᠨ ᠭᠡᠷᠡᠴᠢ ᠪᠠᠷᠢᠮᠲᠠ ᠶᠢ | ᠴᠤᠭᠯᠠᠭᠤᠯᠵᠤ᠂ ᠦᠨᠳᠦᠰᠦᠨ ᠪᠣᠳᠠᠲᠤ ᠬᠡᠷᠡᠭ ᠢ ᠪᠠᠶᠢᠴᠠᠭᠠᠨ ᠲᠣᠳᠣᠷᠬᠠᠶᠢᠯᠠᠵᠤ᠂ ᠠᠵᠢᠯ ᠠᠴᠠ ᠪᠣᠯᠤᠭᠰᠠᠨ ᠭᠡᠮᠲᠦᠯ | ᠢ ᠮᠠᠭᠠᠳᠯᠠᠨ ᠲᠣᠭᠲᠠᠭᠠᠬᠤ ᠳ᠋ᠦᠩᠨᠡᠯᠲᠡ ᠶᠢᠨ ᠠᠵᠢᠯ ᠢ ᠰᠠᠶᠢᠲᠤᠷ ᠬᠢᠨ᠎ᠡ ᠃ | | | | |