| ᠨᠢᠭᠡ ᠳᠤ᠂ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠴᠢᠩᠭᠠᠳᠬᠠᠬᠤ ᠬᠡᠷᠡᠭᠲᠡᠶ ᠃ ᠰᠢᠶᠠᠩ | ᠪᠠᠯᠭᠠᠰᠤ ᠶᠢ ᠰᠢᠮᠳᠠᠭᠤᠯᠵᠤ ᠪᠠᠶᠢᠭᠠᠳ ᠤᠰᠤᠨ ᠴᠥᠭᠦᠷᠥᠮ ᠤᠨ ᠠᠶᠤᠯ ᠦᠭᠡᠶ ᠶᠢ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠮᠠᠭᠠᠶ ᠰᠠᠶᠢᠲᠤᠷ | ᠬᠢᠯᠭᠡᠵᠦ᠂ ᠦᠶᠡᠷᠯᠡᠬᠦ ᠠᠴᠠ ᠡᠮᠦᠨ᠎ᠡ ᠦᠶᠡᠷ ᠤᠨ ᠬᠡᠮᠵᠢᠶ᠎ᠡ ᠠᠴᠠ ᠬᠡᠲᠦᠷᠡᠲᠡᠯ᠎ᠡ ᠤᠰᠤ ᠬᠠᠳᠠᠭᠠᠯᠠᠬᠤ ᠶᠢ ᠴᠢᠩᠭ᠎ᠠ ᠴᠠᠭᠠᠵᠠᠯᠠᠵᠤ᠂ ᠤᠰᠤᠨ ᠴᠥᠭᠦᠷᠥᠮ ᠤᠨ ᠦᠶᠡᠷ | ᠢ ᠰᠡᠷᠭᠡᠶᠢᠯᠡᠬᠦ 《 ᠭᠤᠷᠪᠠᠨ ᠬᠠᠷᠢᠭᠤᠴᠠᠯᠭ᠎ᠠ ᠡᠭᠦᠷᠭᠡᠯᠡᠭᠴᠢ 》᠂ 《 ᠭᠤᠷᠪᠠᠨ ᠭᠤᠣᠯᠳᠠᠯᠭ᠎ᠠ ᠲᠠᠢ ᠭᠤᠭᠴᠤᠭ᠎ᠠ 》 ᠶᠢ ᠴᠢᠩᠭ᠎ᠠ ᠨᠠᠶᠢᠳᠠᠪᠤᠷᠢᠵᠢᠭᠤᠯᠬᠤ | ᠬᠡᠷᠡᠭᠲᠡᠶ︔ ᠤᠰᠤᠨ ᠴᠥᠭᠦᠷᠥᠮ ᠳᠠᠷᠠᠭᠠᠯᠠᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠬᠦ ᠶᠢ ᠵᠣᠬᠢᠶᠠᠨ ᠪᠠᠶᠢᠭᠤᠯᠤᠨ᠎ᠠ ᠃ | ᠬᠤᠶᠠᠷ ᠲᠤ᠂ ᠭᠤᠣᠯ ᠮᠥᠷᠡᠨ ᠰᠤᠪᠠᠭ ᠤᠨ ᠦᠶᠡᠷ ᠤᠨ ᠤᠰᠤ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ ᠃ ᠰᠢᠶᠠᠩ ᠪᠠᠯᠭᠠᠰᠤ ᠶᠢ | ᠰᠢᠮᠳᠠᠭᠤᠯᠵᠤ ᠪᠠᠶᠢᠭᠠᠳ ᠬᠠᠷᠢᠶ᠎ᠠ ᠣᠷᠣᠨ ᠤ ᠳᠣᠲᠣᠷᠠᠬᠢ ᠭᠤᠣᠯ ᠮᠥᠷᠡᠨ ᠤ ᠰᠤᠪᠠᠭ ᠢ ᠳᠠᠬᠢᠨ ᠵᠢᠭᠰᠠᠭᠠᠨ ᠪᠠᠶᠢᠴᠠᠭᠠᠯᠭᠠᠵᠤ᠂ ᠳᠠᠬᠢᠨ ᠨᠠᠶᠢᠳᠠᠪᠤᠷᠢᠵᠢᠭᠤᠯᠵᠤ᠂ | ᠭᠤᠣᠯ ᠤᠨ ᠵᠠᠮ᠂ ᠭᠤᠤ ᠰᠤᠪᠠᠭ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠳᠦᠷᠢᠮ ᠠᠴᠠ ᠵᠥᠷᠢᠴᠡᠭᠰᠡᠨ ᠪᠠᠷᠢᠯᠭ᠎ᠠ ᠪᠣᠯᠤᠨ ᠦᠶᠡᠷ ᠶᠠᠪᠤᠭᠤᠯᠬᠤ ᠬᠠᠷᠰᠢ | ᠰᠠᠭᠠᠳ ᠢ ᠠᠷᠢᠯᠭᠠᠨ᠂ ᠬᠠᠶᠢᠷ ᠴᠢᠯᠠᠭᠤ ᠶᠢ ᠳᠤᠷ᠎ᠠ ᠪᠠᠷ ᠢᠶᠠᠨ ᠮᠠᠯᠲᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ | ᠥᠭᠴᠦ᠂ ᠭᠤᠣᠯ ᠤᠨ ᠵᠠᠮ ᠳᠠᠬᠢ ᠣᠩᠭᠤᠴᠠ ᠰᠠᠯ ᠪᠣᠯᠤᠨ ᠬᠤᠳᠠᠯᠳᠤᠭᠠᠨ ᠤ ᠳᠡᠯᠭᠡᠴᠡ᠂ ᠤᠰᠤ ᠤᠷᠪᠠᠭᠤᠯᠬᠤ ᠬᠥᠭᠦᠷᠭᠡ ᠵᠡᠷᠭᠡ ᠶᠢᠨ ᠠᠶᠤᠯ ᠦᠭᠡᠶ ᠶᠢᠨ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ ᠃ | ᠭᠤᠷᠪᠠ ᠳᠤ᠂ ᠦᠶᠡᠷ ᠤᠰᠤᠲᠤᠯ ᠢ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ ᠃ ᠰᠢᠶᠠᠩ ᠪᠠᠯᠭᠠᠰᠤ ᠶᠢ ᠦᠶᠡᠷ ᠤᠰᠤᠲᠤᠯ ᠤᠨ ᠪᠠᠶᠢᠳᠠᠯ ᠲᠠᠢ | ᠤᠶᠠᠯᠳᠤᠭᠤᠯᠤᠨ᠂ ᠪᠡᠯᠡᠳᠬᠡᠯ ᠲᠥᠰᠦᠯ ᠲᠣᠭᠲᠠᠭᠠᠵᠤ᠂ ᠦᠶᠡᠷ ᠤᠨ ᠪᠠᠶᠢᠳᠠᠯ ᠢ ᠴᠠᠭ ᠲᠤᠬᠠᠶ ᠳᠤᠨᠢ ᠳᠠᠮᠵᠢᠭᠤᠯᠬᠤ᠂ ᠬᠥᠮᠦᠰ ᠢ ᠤᠷᠢᠳᠴᠢᠯᠠᠨ ᠰᠢᠯᠵᠢᠭᠦᠯᠬᠦ ᠶᠢ | ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ︔ ᠤᠰᠤ ᠭᠠᠳᠠᠭᠰᠢᠯᠠᠭᠤᠯᠬᠤ ᠬᠤᠭᠤᠯᠠᠶ ᠶᠢᠨ ᠲᠣᠣᠷ ᠤᠨ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢ | ᠨᠡᠮᠡᠭᠳᠡᠭᠦᠯᠵᠦ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠃ | ᠳᠥᠷᠪᠡ ᠳᠤ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠶᠢ ᠰᠠᠶᠢᠲᠤᠷ ᠠᠳᠬᠤᠨ᠎ᠠ ᠃ ᠲᠡᠭᠡᠭᠡᠪᠦᠷᠢᠯᠡᠨ ᠪᠠᠲᠤᠯᠠᠬᠤ ᠨᠢᠭᠡᠴᠡ ᠶᠢ ᠵᠣᠬᠢᠶᠠᠨ | ᠪᠠᠶᠢᠭᠤᠯᠤᠨ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠪᠡᠯᠡᠳᠬᠡᠮᠵᠢ ᠳᠤ ᠬᠠᠮᠠᠭᠠᠯᠠᠯᠲᠠ ᠬᠢᠵᠦ᠂ ᠰᠢᠶᠠᠩ ᠪᠠᠯᠭᠠᠰᠤ ᠯᠤᠭ᠎ᠠ ᠶᠢᠨ | ᠬᠠᠷᠢᠯᠴᠠᠭ᠎ᠠ ᠪᠠᠨ ᠴᠢᠩᠭᠠᠳᠬᠠᠨ᠂ ᠡᠯ᠎ᠡ ᠣᠷᠣᠨ ᠤ ᠳᠣᠲᠣᠷ᠎ᠠ ᠭᠡᠭᠡᠭᠰᠡᠨ ᠪᠠ ᠬᠡᠪ ᠤᠨ ᠶᠣᠰᠣᠭᠠᠷ ᠬᠡᠷᠡᠭᠯᠡᠵᠦ ᠳᠡᠶᠢᠯᠬᠦ ᠦᠭᠡᠶ ᠪᠡᠯᠡᠳᠬᠡᠮᠵᠢ ᠲᠥᠬᠦᠭᠡᠷᠦᠮᠵᠢ ᠳᠤ | ᠰᠡᠯᠪᠢᠨ ᠵᠠᠰᠠᠯᠲᠠ ᠬᠢᠵᠦ ᠬᠠᠷᠰᠢ ᠰᠠᠭᠠᠳ ᠢ ᠠᠷᠢᠯᠭᠠᠨ᠂ ᠦᠶᠡᠷ ᠤᠨ ᠬᠤᠭᠤᠴᠠᠭᠠᠨ ᠤ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ ᠤ ᠬᠡᠪ ᠤᠨ ᠪᠠᠶᠢᠬᠤ ᠶᠢ | ᠪᠠᠲᠤᠯᠠᠬᠤ ᠬᠡᠷᠡᠭᠲᠡᠶ ᠃ | ᠲᠠᠪᠤ ᠳᠤ᠂ ᠵᠢᠵᠢᠭᠦᠷᠯᠡᠨ ᠰᠠᠬᠢᠬᠤ ᠶᠢ ᠴᠢᠩᠭᠠᠳᠬᠠᠨ᠎ᠠ ᠃ 24 ᠴᠠᠭ ᠢᠶᠠᠷ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ᠂ ᠲᠤᠰᠬᠠᠶ ᠮᠡᠷᠭᠡᠵᠢᠯ ᠤᠨ | ᠠᠵᠢᠯᠲᠠᠨ ᠵᠢᠵᠢᠭᠦᠷᠯᠡᠨ ᠰᠠᠬᠢᠬᠤ ᠦᠶᠡᠷ ᠤᠨ ᠬᠤᠭᠤᠴᠠᠭᠠᠨ ᠤ ᠵᠢᠵᠢᠭᠦᠷᠯᠡᠬᠦ ᠳᠦᠷᠢᠮ ᠢ ᠴᠢᠩᠭᠠᠷᠠᠭᠤᠯᠵᠤ᠂ ᠪᠣᠷᠣᠭᠠᠨ ᠤ ᠡᠮᠦᠨ᠎ᠡ ᠵᠢᠭᠰᠠᠭᠠᠨ ᠪᠠᠶᠢᠴᠠᠭᠠᠬᠤ᠂ | ᠪᠣᠷᠣᠭᠠᠨ ᠤ ᠳᠤᠮᠳᠠ ᠲᠣᠭᠤᠷᠢᠨ ᠪᠠᠶᠢᠴᠠᠭᠠᠬᠤ᠂ ᠪᠣᠷᠣᠭᠠᠨ ᠤ ᠳᠠᠷᠠᠭ᠎ᠠ ᠬᠠᠷᠭᠤᠭᠤᠯᠤᠨ ᠪᠠᠶᠢᠴᠠᠭᠠᠬᠤ ᠶᠢ ᠰᠠᠶᠢᠲᠤᠷ ᠬᠢᠵᠦ᠂ ᠪᠦᠬᠦᠯᠢ ᠡᠳᠦᠷ ᠤᠨ ᠪᠣᠷᠣᠭᠠᠨ ᠤ | ᠪᠠᠶᠢᠳᠠᠯ ᠢ ᠬᠢᠨᠠᠨ ᠬᠡᠮᠵᠢᠬᠦ ᠶᠢ ᠪᠠᠷᠢᠮᠲᠠᠯᠠᠨ᠂ ᠴᠠᠭ ᠲᠤᠬᠠᠶ ᠳᠤᠨᠢ ᠰᠡᠷᠡᠮᠵᠢᠯᠡᠭᠦᠯᠬᠦ ᠶᠢ ᠪᠡᠶᠡᠯᠡᠭᠦᠯᠵᠦ᠂ ᠭᠡᠨᠡᠳᠲᠡ ᠶᠢᠨ ᠬᠡᠷᠡᠭ ᠲᠣᠬᠢᠶᠠᠯᠳᠤᠪᠠᠯ ᠴᠠᠭ ᠲᠤᠬᠠᠶ ᠳᠤᠨᠢ | ᠰᠢᠨᠵᠢᠯᠡᠬᠦ ᠤᠬᠠᠭᠠᠨᠴᠢ ᠪᠠᠷ ᠰᠢᠶᠳᠪᠦᠷᠢᠯᠡᠬᠦ ᠶᠢᠨ ᠬᠠᠮᠲᠤ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠬᠦ ᠪᠠ ᠮᠡᠳᠡᠭᠦᠯᠬᠦ ᠳᠦᠷᠢᠮ ᠢ ᠰᠠᠶᠢᠲᠤᠷ ᠬᠢᠨ᠎ᠡ ᠃ | | |