| 2019 ᠣᠨ ᠤ 12 ᠳ᠋ᠤᠭᠠᠷ ᠰᠠᠷ᠎ᠠ ᠶᠢᠨ 6 ᠤ ᠡᠳᠦᠷ᠂ ᠲᠣᠮᠳᠠᠳᠣ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠯᠠᠨᠵᠧᠦ ᠳᠠᠬᠢ ᠮᠠᠯ ᠤᠨ ᠡᠮᠨᠡᠯᠬᠡ ᠶᠢᠨ ᠰᠤᠳᠤᠯᠭᠠᠨ ᠤ ᠭᠠᠵᠠᠷ ᠠᠴᠠ ᠮᠡᠳᠡᠭᠡᠯᠡᠯ ᠨᠡᠶᠢᠲᠡᠯᠡᠵᠦ ᠲᠡᠮᠳᠡᠭᠯᠡᠬᠦ ᠳᠡᠭᠡᠨ᠂ 11 ᠳ᠋ᠦ᠋ᠭᠡᠷ ᠰᠠᠷ᠎ᠠ ᠶᠢᠨ 28 ᠠᠴᠠ 29 ᠤ | ᠡᠳᠦᠷ ᠪᠣᠯᠳᠠᠯ᠎ᠠ᠂ ᠲᠣᠰ ᠰᠤᠳᠤᠯᠭᠠᠨ ᠤ ᠭᠠᠵᠠᠷ ᠤᠨ ᠱᠦᠯᠬᠦᠭᠡ ᠡᠪᠡᠳᠴᠢᠨ ᠢ ᠰᠡᠷᠭᠡᠶᠢᠯᠡᠨ ᠬᠤᠷᠢᠭᠯᠠᠬᠤ ᠮᠡᠷᠭᠡᠵᠢᠯ ᠤᠨ ᠪᠦᠯᠬᠦᠮ ᠤᠨ ᠬᠢᠨ ᠤᠷᠢᠳ ᠬᠤᠵᠢᠳ 4 | ᠰᠣᠷᠣᠭᠴᠢ ᠶᠢᠨ ᠴᠢᠰᠤᠨ ᠤ ᠢᠯᠲᠠᠰᠤᠨ ᠳᠤ ᠪᠷᠦ᠋ᠼᠧᠯ ᠤᠨ ᠪᠠᠺᠲ᠋ᠧᠷᠢ ᠶᠢᠨ ᠡᠶᠡᠷᠭᠦ ᠤᠷᠪᠠᠯ ᠲᠠᠢ ᠪᠠᠶᠢᠭᠰᠠᠨ ᠢ ᠲᠣᠳᠣᠯᠠᠯᠠ ᠭᠡᠵᠡᠢ᠃ ᠣᠳᠣ ᠪᠣᠯᠳᠠᠯ᠎ᠠ ᠲᠣᠰ | ᠰᠤᠳᠤᠯᠭᠠᠨ ᠤ ᠭᠠᠵᠠᠷ ᠨᠡᠶᠢᠳᠡ 263 ᠬᠥᠮᠥᠨ ᠳᠤ ᠪᠠᠶᠢᠴᠠᠭᠠᠯᠲᠠ ᠬᠢᠵᠦ᠂ ᠭᠠᠨᠰᠤ ᠮᠤᠵᠢ ᠶᠢᠨ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ | ᠲᠥᠪ ᠤᠨ ᠬᠢ ᠪᠠᠷ ᠲᠣᠳᠣᠯᠠᠭᠤᠯᠤᠭᠰᠠᠨ ᠤ ᠳ᠋ᠦᠩ ᠳᠤ 65 ᠬᠥᠮᠥᠨ ᠨᠢ ᠪᠷᠦ᠋ᠼᠧᠯ ᠤᠨ ᠪᠠᠺᠲ᠋ᠧᠷᠢ ᠶᠢᠨ ᠡᠶᠡᠷᠭᠦ ᠤᠷᠪᠠᠯ ᠲᠠᠢ ᠭᠡᠵᠦ ᠨᠤᠲᠠᠯᠠᠭᠳᠠᠭᠰᠠᠨ ᠪᠠᠶᠢᠨ᠎ᠠ᠃ | ᠡᠳᠡᠭᠡᠷ ᠬᠥᠮᠥᠨ ᠤ ᠳᠣᠲᠣᠷ᠎ᠠ᠂ ᠵᠠᠷᠢᠮ ᠣᠨᠴᠠᠭᠠᠢ ᠬᠡᠳᠦᠨ ᠬᠥᠮᠥᠨ ᠤ ᠪᠡᠶ᠎ᠡ ᠳᠤ ᠡᠪ ᠦᠭᠡᠢ ᠪᠠᠶᠢᠳᠠᠯ ᠭᠠᠷᠤᠭᠰᠠᠨ ᠠᠴᠠ ᠭᠠᠳᠠᠨ᠎ᠠ ᠪᠤᠰᠤᠳ ᠬᠥᠮᠥᠰ ᠤᠨ ᠪᠡᠶ᠎ᠡ | ᠳᠡᠭᠡᠷ᠎ᠡ ᠣᠨᠴᠠᠭᠠᠢ ᠡᠪᠡᠳᠴᠢᠨ ᠤ ᠢᠯᠡᠷᠡᠯ ᠦᠭᠡᠢ᠃ | ᠪᠷᠦ᠋ᠼᠧᠯ ᠡᠪᠡᠳᠴᠢᠨ ᠬᠡᠳᠡᠭ ᠨᠢ ᠶᠠᠮᠠᠷ ᠡᠪᠡᠳᠴᠢᠨ ᠪᠣᠢ︖ ᠪᠷᠦ᠋ᠼᠧᠯ ᠡᠪᠡᠳᠴᠢᠨ ᠪᠣᠯ ᠪᠷᠦ᠋ᠼᠧᠯ ᠤᠨ ᠪᠠᠺᠲ᠋ᠧᠷᠢ ᠠᠴᠠ ᠡᠭᠦᠰᠦᠯᠲᠡᠢ ᠬᠥᠮᠥᠨ ᠮᠠᠯ ᠳᠤ | ᠵᠡᠷᠭᠡᠪᠡᠷ ᠬᠠᠯᠳᠠᠪᠤᠷᠢᠯᠠᠳᠠᠭ ᠬᠠᠯᠳᠠᠪᠣᠷᠢᠳᠣ ᠡᠪᠡᠳᠴᠢᠨ ᠪᠣᠯᠣᠨ᠎ᠠ᠃ ᠡᠨᠡ ᠡᠪᠡᠳᠴᠢᠨ ᠢ ︽ᠬᠠᠯᠳᠠᠪᠣᠷᠢᠳᠣ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ | ᠬᠥᠬᠡᠭᠴᠢᠨ ᠲᠦᠷᠦᠯ ᠤᠨ ᠬᠠᠯᠳᠠᠪᠣᠷᠢᠳᠣ ᠡᠪᠡᠳᠴᠢᠨ ᠢᠶᠠᠷ ᠲᠣᠭᠲᠠᠭᠠᠭᠰᠠᠨ ᠪᠠᠶᠢᠳᠠᠭ᠃ ᠬᠠᠯᠳᠠᠪᠤᠷᠢᠯᠠᠬᠤ ᠡᠬᠢ ᠡᠭᠦᠰᠦᠯ ᠪᠣᠯ ᠬᠤᠨᠢ᠂ ᠦᠬᠡᠷ᠂ ᠭᠠᠭ᠋ᠠᠢ᠂ ᠨᠣᠬᠠᠢ | ᠵᠡᠷᠭᠡ ᠭᠡᠷ ᠤᠨ ᠲᠡᠵᠢᠭᠡᠪᠦᠷᠢ ᠪᠣᠯᠣᠨ᠎ᠠ᠃ ᠡᠨᠡ ᠡᠪᠡᠳᠴᠢᠨ ᠪᠦᠬᠦ ᠳᠡᠯᠡᠬᠡᠢ ᠶᠢᠨ 170 ᠭᠠᠷᠤᠢ ᠤᠯᠤᠰ ᠲᠤ ᠲᠠᠷᠬᠠᠵᠤ ᠪᠠᠶᠢᠬᠤ ᠪᠣᠯᠪᠠᠴᠣ ᠬᠥᠭᠵᠢᠭᠰᠡᠨ ᠤᠯᠤᠰ | ᠨᠢᠭᠡᠨᠲᠡ ᠡᠵᠡᠮᠳᠡᠵᠦ ᠴᠢᠳᠠᠭᠰᠠᠨ ᠪᠠᠶᠢᠨ᠎ᠠ᠃ ᠣᠳᠣ ᠡᠨᠡ ᠡᠪᠡᠳᠴᠢᠨ ᠳᠤᠮᠳᠠᠳᠤ ᠳᠣᠷᠣᠨᠠᠲᠤ ᠣᠷᠣᠨ᠂ ᠠᠽᠢᠶ᠎ᠠ ᠲᠢᠪ᠂ ᠠᠹᠷᠢᠺᠠ ᠲᠢᠪ᠂ ᠯᠠᠲ᠋ᠢᠨ ᠠᠮᠧᠷᠢᠺᠠ | ᠲᠢᠪ ᠤᠨ ᠳᠤᠮᠳᠠ ᠪᠡᠶ᠎ᠡ ᠪᠣᠯᠣᠨ ᠡᠮᠦᠨᠡᠲᠦ ᠪᠡᠶ᠎ᠡ᠂ ᠭᠠᠵᠠᠷ ᠤᠨ ᠲᠣᠮᠳᠠᠳᠣ ᠲᠠᠩᠭᠢᠰ ᠤᠨ ᠬᠤᠲᠣᠭᠤᠷ ᠪᠣᠯᠣᠨ ᠺᠠᠷᠢᠪ ᠤᠨ ᠲᠠᠩᠭᠢᠰ ᠤᠨ ᠭᠠᠵᠠᠷ ᠣᠷᠣᠨ ᠢᠶᠠᠷ | ᠪᠠᠶᠢᠩᠭᠤ ᠬᠠᠷᠠᠭᠳᠠᠵᠤ ᠪᠠᠶᠢᠨ᠎ᠠ᠃ ᠪᠷᠦ᠋ᠼᠧᠯ ᠡᠪᠡᠳᠴᠢᠨ 1960 ᠣᠨ ᠠᠴᠠ 1970 ᠣᠨ ᠤ ᠬᠤᠭᠤᠷᠣᠨᠳᠤ ᠮᠠᠨ ᠤ ᠤᠯᠤᠰ ᠲᠤ ᠬᠠᠯᠳᠠᠪᠤᠷᠢᠯᠠᠭᠰᠠᠨ ᠪᠣᠯᠪᠠᠴᠣ | ᠰᠡᠭᠦᠯᠡᠷ ᠨᠢ ᠡᠵᠡᠮᠳᠡᠵᠦ ᠴᠢᠳᠠᠭᠰᠠᠨ ᠶᠤᠮ᠃ | ᠪᠷᠦ᠋ᠼᠧᠯ ᠡᠪᠡᠳᠴᠢᠨ ᠤ ᠬᠠᠯᠳᠠᠪᠤᠷᠢᠯᠠᠬᠤ ᠵᠠᠮ 1. ᠠᠷᠠᠰᠤ᠂ ᠰᠠᠯᠢᠰᠤᠨ ᠪᠦᠷᠬᠦᠪᠴᠢ ᠪᠠᠷ ᠲᠠᠮᠵᠢᠨ ᠬᠥᠮᠥᠨ ᠤ ᠪᠡᠶ᠎ᠡ ᠳᠤ ᠬᠠᠯᠳᠠᠪᠤᠷᠢᠯᠠᠳᠠᠭ᠃ 2. | ᠪᠷᠦ᠋ᠼᠧᠯ ᠤᠨ ᠪᠠᠺᠲ᠋ᠧᠷᠢ ᠶᠢᠨ ᠬᠠᠯᠳᠠᠪᠤᠷᠢ ᠶᠢ ᠡᠭᠦᠰᠬᠡᠳᠡᠭ ᠠᠮᠢᠳᠠᠨ ᠪᠣᠯ ᠭᠤᠣᠯᠳᠠᠭᠤ ᠬᠤᠨᠢ᠂ ᠦᠬᠡᠷ᠂ ᠭᠠᠭ᠋ᠠᠢ ᠵᠡᠷᠭᠡ ᠭᠡᠷ ᠤᠨ ᠲᠡᠵᠢᠭᠡᠪᠦᠷᠢ ᠪᠣᠯᠣᠨ᠎ᠠ᠂ ᠡᠳᠡᠭᠡᠷ | ᠠᠮᠢᠳᠠᠨ ᠲᠠᠢ ᠰᠢᠭᠤᠳ ᠣᠶᠢᠷᠠᠲᠤᠬᠤ ᠪᠤᠶᠤ ᠲᠡᠳᠡᠭᠡᠷ ᠤᠨ ᠢᠯᠭᠠᠳᠠᠰᠤ ᠪᠠᠷ ᠨᠢ ᠲᠠᠮᠵᠢᠵᠦ ᠬᠥᠮᠥᠨ ᠳᠤ ᠬᠠᠯᠳᠠᠪᠤᠷᠢᠯᠠᠳᠠᠭ᠃ ᠪᠠᠰᠠ ᠬᠡᠬᠡᠯ ᠬᠠᠶᠠᠭᠰᠠᠨ ᠮᠠᠯ ᠤᠨ | ᠬᠡᠬᠡᠯ ᠠᠴᠠ ᠬᠠᠯᠳᠠᠪᠤᠷᠢᠯᠠᠳᠠᠭ᠃ ᠡᠶᠢᠮᠦ ᠠᠴᠠ᠂ ᠮᠠᠯ ᠲᠡᠵᠢᠭᠡᠬᠦ᠂ ᠰᠦ ᠰᠠᠭᠠᠬᠤ᠂ ᠨᠣᠣᠰᠣ ᠬᠠᠶᠢᠴᠢᠯᠠᠬᠤ᠂ ᠮᠠᠯ ᠨᠢᠲᠤᠯᠬᠤ᠂ ᠠᠷᠠᠰᠤ ᠨᠣᠣᠰᠣ ᠪᠣᠯᠣᠨ ᠮᠢᠬ᠎ᠠ | ᠶᠠᠰᠤ ᠶᠢ ᠨᠢ ᠪᠣᠯᠪᠠᠰᠤᠷᠠᠭᠤᠯᠬᠤ ᠦᠶᠡᠰ ᠰᠠᠶᠢᠨ ᠰᠡᠷᠭᠡᠶᠢᠯᠡᠬᠦ ᠦᠭᠡᠢ ᠶᠤᠮ ᠪᠣᠯ ᠠᠷᠠᠰᠤ ᠪᠤᠶᠤ ᠰᠠᠯᠢᠰᠤᠨ ᠪᠦᠷᠬᠦᠪᠴᠢ ᠪᠠᠷ ᠲᠠᠮᠵᠢᠨ ᠬᠥᠮᠥᠨ ᠳᠤ ᠬᠠᠯᠳᠠᠪᠤᠷᠢᠯᠠᠳᠠᠭ | ᠃ ᠪᠠᠰᠠ ᠡᠪᠡᠳᠴᠢᠨ ᠲᠠᠢ ᠮᠠᠯ ᠪᠣᠯᠣᠨ ᠲᠡᠭᠦᠨ ᠤ ᠣᠷᠴᠢᠨ ᠲᠣᠭᠤᠷᠢᠨ ᠳᠤ ᠪᠠᠶᠢᠭ᠎ᠠ ᠪᠣᠳᠠᠰ ᠠᠴᠠ ᠴᠣ᠋ ᠬᠠᠯᠳᠠᠪᠤᠷᠢᠯᠠᠳᠠᠭ᠃ 3. ᠰᠢᠩᠭᠡᠭᠡᠯᠲᠡ ᠶᠢᠨ | ᠰᠢᠰᠲ᠋ᠧᠮ ᠢᠶᠠᠷ ᠬᠠᠯᠳᠠᠪᠤᠷᠢᠯᠠᠨ᠎ᠠ᠃ ᠪᠷᠦ᠋ᠼᠧᠯ ᠤᠨ ᠪᠠᠺᠲ᠋ᠧᠷᠢ ᠠᠭᠤᠯᠤᠭᠳᠠᠭᠰᠠᠨ ᠴᠢᠨᠠᠵᠤ ᠪᠣᠯᠭᠤᠭᠠᠭᠰᠠᠨ ᠦᠭᠡᠢ ᠮᠢᠬ᠎ᠠ᠂ ᠰᠦ ᠢᠳᠡᠵᠦ ᠤᠤᠭᠤᠪᠠᠯ ᠠᠮᠠᠷᠬᠠᠨ | ᠬᠠᠯᠳᠠᠪᠤᠷᠢᠯᠠᠨ᠎ᠠ᠃ 4. ᠠᠮᠢᠰᠬᠤᠯ ᠤᠨ ᠵᠠᠮ ᠢᠶᠠᠷ ᠬᠠᠯᠳᠠᠪᠤᠷᠢᠯᠠᠳᠠᠭ᠃ ᠭᠤᠣᠯᠳᠠᠭᠤ ᠪᠷᠦ᠋ᠼᠧᠯ ᠤᠨ ᠪᠠᠺᠲ᠋ᠧᠷᠢ ᠲᠠᠢ ᠬᠤᠮᠠᠬᠢ ᠲᠣᠭᠤᠰᠣ ᠶᠢ ᠠᠮᠢᠰᠬᠤᠪᠠᠯ ᠲᠣᠰ | ᠡᠪᠡᠳᠴᠢᠨ ᠬᠠᠯᠳᠠᠪᠤᠷᠢᠯᠠᠭᠳᠠᠳᠠᠭ᠃ ᠠᠷᠠᠰᠤ ᠨᠣᠣᠰᠣᠨ ᠤ ᠦᠢᠯᠡᠳᠪᠦᠷᠢ ᠶᠢᠨ ᠠᠵᠢᠯᠴᠢᠨ᠂ ᠪᠷᠦ᠋ᠼᠧᠯ ᠤᠨ ᠪᠠᠺᠲ᠋ᠧᠷᠢ ᠶᠢᠨ ᠲᠤᠷᠰᠢᠯᠲᠠ ᠶᠢᠨ ᠥᠷᠥᠭᠡᠨ ᠳᠠᠬᠢ | ᠬᠥᠮᠥᠰ ᠨᠡᠩ ᠠᠮᠠᠷᠬᠨ ᠬᠠᠯᠳᠠᠪᠤᠷᠢᠯᠠᠭᠳᠠᠳᠠᠭ᠃ | ᠲᠣᠰ ᠡᠪᠡᠳᠴᠢᠨ ᠢ ᠡᠷᠲᠡ ᠣᠨᠣᠰᠢᠯᠠᠬᠤ ᠳᠤ ᠬᠦᠴᠢᠷ ᠲᠠᠢ ᠪᠠᠶᠢᠳᠠᠭ ᠤᠨ ᠰᠢᠯᠲᠠᠭᠠᠨ᠄ 1. ᠪᠷᠦ᠋ᠼᠧᠯ ᠡᠪᠡᠳᠴᠢᠨ ᠳᠤ ᠨᠡᠷᠪᠡᠭᠳᠡᠭᠰᠡᠳ ᠭᠤᠣᠯᠳᠠᠭᠤ | ᠬᠠᠯᠠᠭᠤᠷᠠᠬᠤ᠂ ᠲᠠᠮᠢᠷᠳᠠᠬᠤ᠂ ᠬᠥᠯᠥᠰᠦ ᠭᠠᠷᠬᠤ ᠦᠶ᠎ᠡ ᠭᠡᠰᠢᠭᠦᠦ ᠡᠪᠡᠳᠬᠦ ᠵᠡᠷᠭᠡ ᠡᠪᠡᠳᠴᠢᠨ ᠤ ᠢᠯᠡᠷᠡᠯ ᠲᠠᠢ ᠪᠠᠶᠢᠳᠠᠭ᠂ ᠪᠤᠰᠤᠳ ᠣᠯᠠᠨ ᠲᠦᠷᠦᠯ ᠤᠨ | ᠡᠪᠡᠳᠴᠢᠨ ᠲᠠᠢ ᠠᠳᠠᠯᠢᠬᠠᠨ ᠢᠶᠠᠷ ᠣᠨᠴᠠᠭᠠᠢ ᠢᠯᠡᠷᠡᠯ ᠦᠭᠡᠢ ᠮᠥᠷᠲᠡᠭᠡᠨ ᠢᠯᠡᠷᠡᠯ ᠨᠢ ᠬᠠᠷᠢᠴᠠᠩᠭᠤᠢ ᠪᠠᠷ ᠬᠥᠩᠭᠡᠨ ᠪᠠᠶᠢᠳᠠᠭ ᠲᠤᠯᠠ ᠡᠪᠡᠳᠴᠢᠲᠡᠳ ᠶᠡᠷᠦ ᠳᠡᠭᠡᠨ | ᠡᠮᠨᠡᠯᠬᠡ ᠳᠤ ᠣᠴᠢᠵᠤ ᠪᠠᠶᠢᠴᠠᠭᠠᠯᠭᠠᠳᠠᠭ ᠦᠭᠡᠢ᠃ 2. ᠡᠮᠴᠢ ᠨᠠᠷ᠂ ᠣᠨᠴᠠᠭᠠᠶᠢᠯᠠᠨ ᠮᠠᠯᠵᠢᠬᠤ ᠣᠷᠣᠨ ᠤ ᠪᠤᠰᠤ ᠡᠮᠨᠡᠯᠬᠡ ᠶᠢᠨ ᠠᠵᠢᠯᠲᠠᠳ ᠲᠤ ᠡᠨᠡ ᠬᠦ | ᠡᠪᠡᠳᠴᠢᠨ ᠤ ᠲᠤᠬᠠᠢ ᠲᠠᠨᠢᠯᠲᠠ ᠳᠤᠲᠠᠮᠠᠭ ᠪᠠᠶᠢᠳᠠᠭ᠃ ᠳᠠᠩᠳᠠ ᠰᠢᠯᠲᠠᠭᠠᠨ ᠦᠭᠡᠢ ᠪᠠᠷ ᠬᠠᠯᠠᠭᠤᠷᠠᠬᠤ᠂ ᠰᠢᠯᠲᠠᠭᠠᠨ ᠦᠭᠡᠢ ᠪᠠᠷ ᠦᠶ᠎ᠡ ᠭᠡᠰᠢᠭᠦᠦ ᠡᠪᠡᠳᠬᠦ | ᠵᠡᠷᠭᠡ ᠪᠠᠷ ᠲᠣᠳᠣᠯᠠᠵᠤ᠂ ᠰᠦᠷᠢᠶ᠎ᠡ ᠡᠪᠡᠳᠴᠢᠨ᠂ ᠬᠡᠷᠡᠬᠦ ᠴᠢᠨᠠᠷᠲᠠᠢ ᠲᠠᠷᠬᠠᠯᠠᠭ᠎ᠠ ᠶᠢᠨ ᠡᠪᠡᠳᠴᠢᠨ᠂ ᠴᠢᠰᠤᠨ ᠰᠢᠰᠲ᠋ᠧᠮ ᠤᠨ ᠡᠪᠡᠳᠴᠢᠨ ᠵᠡᠷᠭᠡ ᠲᠠᠯ᠎ᠠ ᠪᠠᠷ | ᠣᠴᠢᠵᠤ ᠡᠪᠡᠳᠴᠢᠨ ᠤ ᠰᠢᠯᠲᠠᠭᠠᠨ ᠢ ᠪᠣᠳᠣᠯᠬᠢᠯᠠᠳᠠᠭ ᠠᠴᠠ ᠪᠢᠰᠢ᠂ ᠬᠠᠷᠢᠨ ᠪᠷᠦ᠋ᠼᠧᠯ ᠤᠨ ᠡᠪᠡᠳᠴᠢᠨ ᠭᠡᠰᠡᠨ ᠢ ᠪᠣᠳᠣᠵᠦ ᠣᠯᠳᠠᠭ ᠦᠭᠡᠢ ᠶᠤᠮ᠃ 3. | ᠪᠷᠦ᠋ᠼᠧᠯ ᠡᠪᠡᠳᠴᠢᠨ ᠢ ᠲᠣᠳᠣᠯᠠᠨ ᠡᠮᠴᠢᠯᠡᠬᠦ ᠴᠢᠰᠤᠨ ᠴᠠᠶᠢᠪᠠᠩ ᠤᠨ ᠰᠤᠳᠤᠯᠤᠯ ᠢ ᠣᠯᠠᠩᠬᠢ ᠡᠮᠨᠡᠯᠬᠡ ᠶᠢᠨ ᠬᠤᠷᠢᠶᠠᠨ ᠳᠤ ᠬᠢᠵᠦ ᠴᠢᠳᠠᠳᠠᠭ ᠦᠭᠡᠢ᠃ ᠪᠠᠰᠠ | ᠴᠢᠰᠤ ᠦᠷᠡᠵᠢᠭᠦᠯᠬᠦ ᠳᠤ ᠨᠡᠯᠢᠶᠡᠳ ᠣᠷᠳᠣ ᠬᠤᠭᠤᠴᠠᠭ᠎ᠠ ︵ᠬᠡᠪ ᠤᠨ ᠪᠠᠶᠢᠳᠠᠯ ᠳᠤ 7 8 ᠬᠤᠨᠤᠭ ᠬᠡᠷᠡᠭᠯᠡᠨ᠎ᠡ︶ ᠱᠠᠭᠠᠷᠳᠠᠳᠠᠭ ᠮᠥᠷᠲᠡᠭᠡᠨ ᠡᠶᠡᠷᠭᠦ ᠤᠷᠪᠠᠯ ᠨᠢ | ᠬᠠᠷᠢᠴᠠᠩᠭᠤᠢ ᠳᠣᠣᠷ᠎ᠠ ᠪᠠᠶᠢᠳᠠᠭ ᠵᠡᠷᠭᠡ ᠨᠢ ᠪᠷᠦ᠋ᠼᠧᠯ ᠡᠪᠡᠳᠴᠢᠨ ᠢ ᠡᠷᠲᠡ ᠲᠣᠳᠣᠯᠠᠬᠤ ᠶᠢ ᠨᠥᠯᠥᠭᠡᠯᠡᠳᠡᠭ᠃ ᠡᠷᠲᠡ ᠠᠴᠠ ᠣᠨᠣᠰᠢᠯᠠᠵᠤ ᠡᠮᠴᠢᠯᠡᠭᠦᠯᠪᠡᠯ | 90% ᠶᠢᠨ ᠡᠪᠡᠳᠴᠢᠲᠡᠨ ᠡᠳᠡᠭᠡᠷᠡᠬᠦ ᠪᠣᠯᠣᠮᠵᠢᠲᠠᠢ ᠪᠷᠦ᠋ᠼᠧᠯ ᠡᠪᠡᠳᠴᠢᠨ ᠣᠯᠣᠭᠰᠠᠨ ᠤ ᠲᠠᠷᠠᠭ᠎ᠠ ᠡᠷᠲᠡ ᠠᠴᠠ ᠲᠣᠳᠣᠯᠠᠵᠤ ᠡᠮᠴᠢᠯᠡᠭᠦᠯᠪᠡᠯ 90% ᠠᠴᠠ | ᠳᠡᠭᠡᠭᠰᠢᠬᠢ ᠡᠪᠡᠳᠴᠢᠲᠡᠨ ᠡᠳᠡᠭᠡᠷᠡᠬᠦ ᠪᠣᠯᠣᠮᠵᠢᠲᠠᠢ᠃ ᠨᠢᠭᠤᠳᠠᠮᠠᠯ ᠴᠢᠨᠠᠷᠲᠠᠢ ᠬᠠᠯᠳᠠᠪᠤᠷᠢᠯᠠᠯ ᠪᠣᠯ ᠠᠶᠤᠵᠤ ᠪᠠᠴᠢᠮᠳᠠᠬᠤ ᠬᠡᠷᠡᠭ ᠦᠭᠡᠢ᠃ ᠶᠠᠮᠠᠷ ᠴᠣ᠋ ᠡᠪᠡᠳᠴᠢᠨ ᠤ | ᠢᠯᠡᠷᠡᠯ ᠦᠭᠡᠢ ᠪᠠᠶᠢᠪᠠᠯ ᠪᠡᠶ᠎ᠡ ᠳᠣᠲᠣᠷᠠᠬᠢ ᠡᠪᠡᠳᠴᠢᠨ ᠤ ᠪᠠᠺᠲ᠋ᠧᠷᠢ ᠦᠭᠡᠢ ᠪᠣᠯᠤᠭᠰᠠᠨ ᠭᠡᠳᠡᠭ ᠢ ᠬᠠᠷᠠᠭᠤᠯᠵᠤ ᠪᠠᠶᠢᠨ᠎ᠠ᠃ ᠡᠨᠡ ᠦᠶᠡᠰ ᠡᠮᠴᠢᠯᠡᠭᠦᠯᠬᠦ ᠬᠡᠷᠡᠭ | ᠦᠭᠡᠢ ᠮᠥᠷᠲᠡᠭᠡᠨ ᠪᠤᠰᠤᠳ ᠬᠥᠮᠥᠨ ᠳᠤ ᠴᠣ᠋ ᠬᠠᠯᠳᠠᠪᠤᠷᠢᠯᠠᠬᠤ ᠦᠭᠡᠢ ᠶᠤᠮ᠃ | ᠪᠷᠦ᠋ᠼᠧᠯ ᠡᠪᠡᠳᠴᠢᠨ ᠢ ᠰᠡᠷᠭᠡᠶᠢᠯᠡᠬᠦ ᠳᠤ ᠥᠪᠡᠷ ᠢ ᠪᠠᠨ ᠰᠠᠶᠢᠨ ᠬᠠᠮᠠᠭᠠᠯᠬᠤ ᠬᠡᠷᠡᠭᠲᠡᠢ︔ ᠲᠣᠰ ᠡᠪᠡᠳᠴᠢᠨ ᠪᠣᠯ ᠠᠮᠢᠳᠠᠨ ᠠᠴᠠ ᠡᠭᠦᠰᠦᠯᠲᠡᠢ | ᠬᠠᠯᠳᠠᠪᠣᠷᠢᠳᠣ ᠡᠪᠡᠳᠴᠢᠨ ᠪᠣᠯᠬᠤᠷ ᠰᠡᠷᠭᠡᠶᠢᠯᠡᠨ ᠬᠤᠷᠢᠭᠯᠠᠵᠤ ᠪᠣᠯᠳᠠᠭ ᠶᠤᠮ᠃ ᠨᠢᠭᠡ ᠳᠤ᠂ ᠭᠡᠷ ᠤᠨ ᠲᠡᠵᠢᠭᠡᠪᠦᠷᠢ ᠳᠡᠭᠡᠨ ᠰᠡᠷᠭᠡᠶᠢᠯᠡᠯᠲᠡ ᠶᠢᠨ ᠵᠡᠭᠦᠦ ᠲᠠᠷᠢᠬᠤ | ᠬᠡᠷᠡᠭᠲᠡᠢ︔ ᠬᠤᠶᠠᠷ ᠲᠤ᠂ ᠡᠳᠦᠷ ᠳᠣᠳᠥᠮ ᠭᠡᠷ ᠤᠨ ᠲᠡᠵᠢᠭᠡᠪᠦᠷᠢ ᠳᠡᠭᠡᠨ ᠪᠠᠶᠢᠴᠠᠭᠠᠯᠲᠠ ᠬᠢᠵᠦ᠂ ᠡᠪᠡᠳᠴᠢᠨ ᠲᠠᠢ ᠮᠠᠯ ᠢᠯᠡᠷᠡᠪᠡᠯ ᠲᠤᠰᠠᠭᠠᠷᠯᠠᠵᠤ ᠬᠤᠷᠢᠬᠤ ᠪᠤᠶᠤ | ᠪᠤᠰᠤᠳ ᠠᠷᠭ᠎ᠠ ᠪᠠᠷ ᠰᠢᠢᠳᠪᠦᠷᠢᠯᠡᠨ᠎ᠡ᠃ | | | | |