| ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠴᠡᠭ ᠲᠤ ᠬᠦᠷᠴᠦ ᠥᠯᠢᠭᠡᠷ ᠠᠪᠴᠤ ᠰᠢᠯᠭᠠᠨ ᠪᠠᠶᠢᠴᠠᠭᠠᠯᠲᠠ ᠬᠢᠬᠦ ᠳᠤ ᠶᠠᠭᠤ ᠠᠩᠬᠠᠷᠬᠤ ᠴᠢᠬᠤᠯᠠ ᠲᠠᠢ | ᠪᠤᠢ︖ ᠬᠤᠪᠢ ᠬᠥᠮᠥᠨ ᠤ ᠬᠦᠴᠦᠨ ᠪᠦᠬᠦᠢ ᠦᠨᠡᠮᠯᠡᠯ ᠢᠶᠠᠨ ᠠᠪᠴᠤ ᠣᠴᠢᠬᠤ ᠬᠡᠷᠡᠭᠲᠡᠢ︔ ᠦᠯᠢᠭᠡᠷ ᠠᠪᠬᠤ ᠠᠴᠠ ᠡᠮᠦᠨ᠎ᠡ 30 ᠮᠢᠨᠦ᠋ᠲ ᠲᠤ ᠲᠠᠮᠠᠬᠢ | ᠲᠠᠲᠠᠬᠤ᠂ ᠠᠷᠢᠬᠢ ᠤᠤᠭᠤᠬᠤ᠂ ᠪᠣᠬᠢ ᠵᠠᠵᠢᠯᠬᠤ ᠵᠡᠷᠭᠡ ᠶᠢ ᠴᠡᠭᠡᠷᠯᠡᠬᠦ ᠬᠡᠷᠡᠭᠲᠡᠢ︔ ᠰᠢᠯᠭᠠᠨ ᠪᠠᠶᠢᠴᠠᠭᠠᠬᠤ ᠦᠶ᠎ᠡ ᠳᠤ ᠰᠢᠯᠭᠠᠨ ᠪᠠᠶᠢᠴᠠᠭᠠᠭᠴᠢ ᠠᠮᠠᠪᠴᠢ ᠪᠠᠨ | ᠵᠥᠪ ᠵᠡᠭᠦᠵᠦ᠂ ᠰᠢᠯᠭᠠᠨ ᠪᠠᠶᠢᠴᠠᠭᠠᠬᠤ ᠠᠴᠠ ᠡᠮᠦᠨ᠎ᠡ ᠠᠮᠠᠪᠴᠢ ᠪᠠᠨ ᠠᠪᠴᠤ᠂ ᠰᠢᠯᠭᠠᠨ ᠪᠠᠶᠢᠴᠠᠭᠠᠭᠰᠠᠨ ᠤ ᠳᠠᠷᠠᠭ᠎ᠠ ᠳᠠᠷᠦ᠋ᠢᠬᠠᠨ ᠵᠡᠭᠦᠬᠦ ᠬᠡᠷᠡᠭᠲᠡᠢ︔ ᠰᠢᠯᠭᠠᠨ | ᠪᠠᠶᠢᠴᠠᠭᠠᠬᠤ ᠶᠢ ᠬᠦᠯᠢᠶᠡᠬᠦ ᠦᠶᠡᠰ᠂ ᠪᠦᠬᠦ ᠶᠠᠪᠤᠴᠠ ᠳᠤ ᠠᠮᠠᠪᠴᠢ ᠵᠡᠭᠦᠬᠦ ᠶᠢ ᠠᠩᠬᠠᠷᠴᠤ᠂ ᠪᠤᠰᠤᠳ ᠲᠠᠢ 1 ᠮᠧᠲᠷ ᠠᠴᠠ ᠳᠡᠭᠡᠭᠰᠢᠬᠢ ᠵᠠᠢ ᠶᠢ ᠪᠠᠲᠤᠯᠠᠵᠤ᠂ | ᠶᠠᠷᠢᠯᠴᠠᠬᠤ ᠦᠭᠡᠢ᠂ ᠴᠤᠭᠯᠠᠷᠠᠬᠤ ᠦᠭᠡᠢ ᠪᠠᠶᠢᠬᠤ ᠬᠡᠷᠡᠭᠲᠡᠢ︔ ᠲᠤᠬᠠᠢ ᠶᠢᠨ ᠲᠠᠯᠠᠪᠠᠶ ᠶᠢᠨ ᠠᠵᠢᠯᠲᠠᠨ ᠤ ᠵᠢᠯᠣᠭᠤᠳᠤᠯᠭ᠎ᠠ ᠶᠢ ᠰᠣᠨᠣᠰᠴᠤ᠂ ᠮᠡᠷᠭᠡᠨ ᠴᠣᠬᠤᠷ | ᠰᠢᠷᠪᠢᠬᠦ᠂ ᠳᠠᠩᠰᠠᠯᠠᠬᠤ᠂ ᠥᠯᠢᠭᠡᠷ ᠠᠪᠬᠤ ᠵᠡᠷᠭᠡ ᠠᠵᠢᠯ ᠤᠨ ᠶᠠᠪᠤᠴᠠ ᠶᠢ ᠡᠮᠬᠢ ᠵᠢᠷᠤᠮ ᠲᠠᠢ ᠪᠡᠶᠡᠯᠡᠭᠦᠯᠬᠦ ᠬᠡᠷᠡᠭᠲᠡᠢ︔ ᠬᠠᠮᠠᠷ ᠤᠨ ᠬᠥᠨᠳᠡᠢ ᠪᠠᠷ ᠦᠯᠢᠬᠡᠷ ᠬᠡᠪ | ᠠᠪᠬᠤ ᠦᠶᠡᠰ ᠪᠠᠭ᠎ᠠ ᠬᠡᠮᠵᠢᠶᠡᠨ ᠤ ᠴᠢᠰᠤ ᠭᠠᠷᠴᠤ ᠮᠡᠳᠡᠨ᠎ᠡ᠂ ᠶᠡᠷᠦ ᠳᠡᠭᠡᠨ ᠣᠨᠴᠠᠭᠠᠢ ᠰᠢᠢᠳᠪᠦᠷᠢᠯᠡᠯᠲᠡ ᠬᠢᠬᠦ ᠴᠢᠬᠤᠯᠠ ᠦᠭᠡᠢ᠂ ᠬᠡᠷᠪᠡ ᠴᠢᠰᠤ ᠶᠡᠭᠡ | ᠭᠠᠷᠤᠭᠰᠠᠨ ᠪᠠᠶᠢᠪᠠᠯ ᠴᠠᠭ ᠲᠤᠬᠠᠢ ᠳᠤᠨᠢ ᠡᠮᠨᠡᠯᠭᠡ ᠳᠤ ᠬᠦᠷᠴᠦ ᠰᠢᠢᠳᠪᠦᠷᠢᠯᠡᠭᠡᠷᠡᠢ᠃ ᠬᠠᠮᠤᠭ ᠰᠡᠭᠦᠯ ᠳᠤ ᠰᠠᠨᠠᠭᠤᠯᠬᠤ ᠨᠢ᠂ ᠬᠡᠷᠪᠡ ᠲᠤᠬᠠᠢ ᠶᠢᠨ ᠡᠳᠦᠷ ᠰᠢᠨ᠎ᠡ | ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠪᠠᠯ᠂ 24 ᠴᠠᠭ ᠤᠨ ᠳᠠᠷᠠᠭ᠎ᠠ ᠰᠠᠶ᠋ᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ ᠪᠣᠯᠣᠨ᠎ᠠ᠃ |