| ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠳᠤ ᠴᠢᠭᠯᠡᠭᠦᠯᠦᠨ ᠡᠵᠡᠨ ᠬᠤᠷᠤᠭ᠎ᠠ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠪᠥᠬᠦ ᠠᠷᠠᠳ ᠤᠨ ᠲᠤᠰᠠᠯᠠᠬᠤ ᠴᠠᠭᠳᠠᠭ᠎ᠠ ᠢᠮᠠᠭᠲᠠ ᠰᠡᠷᠭᠡᠶᠢᠯᠡᠨ ᠡᠵᠡᠮᠳᠡᠬᠦ ᠡᠮᠦᠨ᠎ᠡ | ᠹᠷᠣᠨᠲ ᠲᠤ ᠪᠠᠶᠢᠯᠳᠤᠵᠤ ᠣᠯᠠᠨ ᠲᠦᠮᠡᠨ ᠳᠤ ᠦᠶᠯᠡᠴᠢᠯᠡᠵᠦ《 ᠬᠠᠮᠤᠭ ᠤᠨ ᠭᠤᠶᠣ ᠴᠠᠭᠳᠠᠭᠠᠨ ᠤ ᠥᠩᠭᠡ | 》 ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ《 ᠲᠡᠮᠦᠷ ᠬᠡᠷᠡᠮ ᠲᠡᠮᠦᠷ ᠬᠠᠨ᠎ᠠ 》 ᠶᠢᠨ ᠬᠠᠮᠤᠭ ᠤᠨ | ᠴᠢᠩᠭ᠎ᠠ ᠰᠡᠷᠡᠮᠵᠢ ᠶᠢᠨ ᠵᠠᠷᠯᠢᠭ ᠤᠨ ᠬᠠᠮᠢᠶᠠᠷᠤᠯᠲᠠ ᠶᠢ ᠪᠠᠬᠢᠵᠢᠭᠦᠯᠵᠦ《 ᠬᠢᠵᠢᠭ ᠲᠠᠢ ᠲᠡᠮᠡᠴᠡᠬᠦ 》ᠨᠡᠶᠢᠯᠡᠮᠡᠯ | ᠬᠦᠴᠦᠨ ᠢ ᠪᠦᠷᠢᠯᠳᠦᠭᠦᠯᠪᠡ ᠃ | ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠵᠢᠯ ᠤᠨ | ᠰᠠᠬᠢᠯᠭ᠎ᠠ ᠪᠠᠲᠤ ᠶᠢ ᠤᠯᠠᠮ ᠴᠢᠨᠠᠭᠰᠢᠳᠠ ᠴᠢᠩᠭᠠᠳᠬᠠᠵᠤ᠂《 ᠡᠯᠰᠡᠵᠦ ᠳᠡᠶᠢᠯᠬᠦ᠂ ᠠᠪᠴᠢᠷᠠᠵᠤ ᠳᠡᠶᠢᠯᠬᠦ 》ᠲᠡᠮᠤᠷ | ᠮᠡᠲᠦ ᠴᠡᠷᠢᠭ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ 24 ᠴᠠᠭ ᠢᠶᠠᠷ ᠠᠵᠢᠯ ᠤᠨ ᠪᠠᠶᠢᠷᠢ ᠪᠠᠨ ᠪᠠᠲᠤ | ᠰᠠᠬᠢᠨ᠎ᠠ ᠃ | ᠬᠠᠮᠤᠭ ᠤᠨ ᠰᠢᠯᠢᠳᠡᠭ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠨᠢ《 ᠬᠢᠵᠢᠭ ᠲᠠᠢ ᠲᠡᠮᠡᠴᠡᠬᠦ 》 ᠡᠮᠦᠨ᠎ᠡ | ᠹᠷᠣᠨᠲ ᠢ ᠪᠠᠲᠤ ᠰᠠᠬᠢᠵᠤ᠂《 ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ | ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ 》ᠠᠵᠢᠯ ᠤᠨ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠡᠵᠡᠮᠰᠢᠵᠦ᠂《 ᠬᠤᠶᠠᠷ ᠥᠷᠲᠡᠭᠡ ᠨᠢᠭᠡ | ᠲᠠᠯᠠᠪᠤᠷ 》 ᠤᠨ ᠨᠡᠪᠲᠡᠷᠡᠬᠦ ᠵᠠᠮ ᠢ ᠪᠠᠶᠢᠴᠠᠭᠠᠨ ᠡᠵᠡᠮᠳᠡᠬᠦ ᠠᠵᠢᠯ ᠢ ᠥᠷᠨᠢᠭᠦᠯᠵᠦ᠂ ᠵᠠᠯᠭᠠᠭ᠎ᠠ ᠪᠠᠷ 7 ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠬᠤ ᠥᠷᠲᠡᠭᠡ ᠶᠢ ᠡᠬᠢᠯᠡᠭᠦᠯᠵᠦ᠂ ᠲᠣᠪᠴᠢᠶ᠎ᠠ ᠶᠢᠨ ᠪᠠᠶᠢᠭᠤᠯᠭ᠎ᠠ ᠶᠢᠨ | ᠴᠠᠭᠳᠠᠭᠠᠨ ᠤ ᠬᠦᠴᠦᠨ ᠢ ᠰᠢᠯᠵᠢᠭᠦᠯᠦᠨ ᠲᠣᠮᠢᠯᠠᠵᠤ ᠦᠷᠭᠦᠯᠵᠢᠯᠡᠨ ᠰᠠᠭᠤᠭ᠎ᠠ ᠭᠠᠵᠠᠷ ᠢ ᠲᠤᠰᠠᠯᠠᠵᠤ᠂ 24 ᠴᠠᠭ | ᠤᠨ ᠳᠣᠲᠣᠷ᠎ᠠ ᠪᠠᠶᠢᠴᠠᠭᠠᠨ ᠡᠵᠡᠮᠳᠡᠬᠦ ᠠᠵᠢᠯ ᠢ ᠲᠠᠰᠤᠯᠳᠠᠯ ᠥᠬᠡᠶ ᠥᠷᠨᠢᠭᠦᠯᠵᠦ᠂ ᠣᠷᠳᠣᠰ ᠢ ᠲᠣᠭᠤᠷᠢᠭᠰᠠᠨ | ᠬᠥᠮᠦᠰ ᠤᠨ ᠲᠡᠷᠭᠡ ᠬᠥᠰᠬᠡ ᠶᠢ ᠬᠠᠮᠢᠶᠠᠷᠤᠨ ᠡᠵᠡᠮᠳᠡᠬᠦ᠂ ᠲᠡᠷᠭᠡ ᠳᠠᠭᠠᠷᠠᠪᠠᠯ ᠵᠠᠪᠠᠯ ᠪᠠᠶᠢᠴᠠᠭᠠᠬᠤ᠂ ᠬᠥᠮᠦᠨ | ᠳᠠᠭᠠᠷᠠᠪᠠᠯ ᠵᠠᠪᠠᠯ ᠪᠠᠶᠢᠴᠠᠭᠠᠬᠤ ᠳᠤ ᠣᠷᠣᠬᠤ ᠪᠣᠭᠤᠮᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠬᠢᠵᠢᠭ ᠢ | ᠰᠡᠷᠭᠡᠶᠢᠯᠡᠬᠦ ᠃ ᠣᠳᠣᠬᠠᠨ ᠪᠣᠯᠲᠠᠯ᠎ᠠ᠂ ᠴᠠᠭᠳᠠᠭᠠᠨ ᠤ ᠬᠦᠴᠦᠨ ᠢ ᠨᠡᠶᠢᠲᠡ 138 ᠬᠥᠮᠦᠨ ᠤᠳᠠᠭ᠎ᠠ ᠬᠥᠳᠡᠯᠭᠡᠵᠦ᠂ | ᠨᠡᠶᠢᠲᠡ 11064 ᠲᠡᠷᠭᠡ ᠬᠥᠰᠬᠡ᠂ 13932 ᠬᠥᠮᠦᠨ ᠢ ᠬᠠᠷᠭᠤᠭᠤᠯᠤᠨ ᠪᠠᠶᠢᠴᠠᠭᠠᠵᠤ᠂ 378 ᠬᠥᠮᠦᠨ ᠢ | ᠢᠳᠬᠠᠨ ᠪᠤᠴᠠᠭᠠᠯᠭᠠᠪᠠ ᠃ ᠡᠭᠦᠨ ᠤ ᠬᠠᠮᠲᠤ 8 ᠲᠤᠰᠠᠭᠠᠷᠯᠠᠭᠰᠠᠨ ᠪᠠᠭᠤᠳᠠᠯ᠂ 7 ᠪᠥᠭᠡᠮ ᠬᠦᠴᠢᠯ ᠤᠨ ᠰᠢᠯᠭᠠᠨ | ᠪᠠᠶᠢᠴᠠᠭᠠᠬᠤ ᠴᠡᠭ ᠵᠢᠴᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠴᠠᠭᠳᠠᠭᠠᠨ ᠤ ᠬᠦᠴᠦᠨ ᠢ ᠭᠦᠶᠴᠡᠳ | ᠲᠣᠬᠢᠷᠠᠭᠤᠯᠤᠨ ᠲᠤᠬᠠᠶ ᠶᠢᠨ ᠲᠠᠯᠠᠪᠠᠶ ᠶᠢᠨ ᠡᠮᠬᠢ ᠳᠢᠭᠯᠢᠮ ᠤᠨ ᠬᠠᠮᠠᠭᠠᠯᠠᠯᠲᠠ ᠶᠢ ᠴᠢᠩᠭᠠᠳᠬᠠᠵᠤ᠂ ᠭᠡᠨᠡᠳᠲᠡ ᠶᠢᠨ | ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠡᠯᠡᠳᠬᠡᠯ ᠢ ᠴᠠᠭ ᠲᠤᠬᠠᠶ ᠳᠤᠨᠢ ᠰᠠᠶᠢᠲᠤᠷ ᠬᠢᠪᠡ᠃ | ᠬᠠᠮᠤᠭ ᠤᠨ ᠴᠢᠩᠭ᠎ᠠ ᠬᠠᠮᠲᠤᠷᠠᠭᠰᠠᠨ ᠵᠠᠭᠪᠤᠷ ᠢᠶᠠᠷ《 ᠬᠢᠵᠢᠭ ᠲᠠᠢ ᠲᠡᠮᠡᠴᠡᠬᠦ 》 ᠰᠡᠷᠭᠡᠶᠢᠯᠡᠯᠲᠡ ᠶᠢᠨ | ᠱᠤᠭᠤᠮ ᠢ ᠨᠢᠭᠲᠠ ᠪᠠᠶᠢᠭᠤᠯᠵᠤ᠂《 ᠨᠢᠭᠡ ᠲᠣᠰᠬᠤᠨ ᠳᠤ ᠨᠢᠭᠡ ᠴᠠᠭᠳᠠᠭ᠎ᠠ ᠨᠢᠭᠡ ᠲᠤᠰᠠᠯᠠᠬᠤ ᠴᠠᠭᠳᠠᠭ᠎ᠠ | 》 ᠶᠢᠨ ᠲᠣᠤᠷᠵᠢᠭᠤᠯᠤᠭᠰᠠᠨ ᠬᠠᠮᠢᠶᠠᠷᠤᠯᠲᠠ ᠶᠢᠨ ᠦᠶᠯᠡᠳᠦᠯ ᠳᠤ ᠲᠦᠰᠢᠭᠯᠡᠨ᠂ ᠪᠥᠬᠦ ᠬᠤᠰᠢᠭᠤᠨ ᠤ 138 | ᠬᠥᠳᠡᠭᠡ ᠲᠣᠰᠬᠤᠨ ᠤ ᠲᠣᠤᠷᠵᠢᠯ᠂ 23 ᠨᠡᠶᠢᠭᠡᠮ ᠲᠣᠭᠤᠷᠢᠭ ᠤᠨ ᠲᠣᠤᠷᠵᠢᠯ ᠵᠢᠴᠢ 1297 ᠰᠢᠬᠠᠮ ᠲᠣᠤᠷᠵᠢᠯ | ᠤᠨ ᠠᠵᠢᠯᠲᠠᠨ ᠢ ᠠᠰᠢᠭᠯᠠᠵᠤ᠂《 ᠠᠷᠠᠳ ᠤᠨ ᠲᠤᠰᠠᠯᠠᠬᠤ ᠴᠠᠭᠳᠠᠭ᠎ᠠ + ᠲᠣᠤᠷᠵᠢᠭᠰᠠᠨ ᠴᠠᠭᠳᠠᠭ᠎ᠠ》 ᠶᠢᠨ | ᠲᠣᠤᠷᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠲᠤᠷᠠᠭᠰᠠᠨ ᠵᠠᠭᠪᠤᠷ ᠢ ᠦᠳᠲᠡᠷ ᠲᠦᠷᠭᠡᠨ | ᠪᠦᠷᠢᠯᠳᠦᠭᠦᠯᠵᠦ᠂ ᠰᠡᠷᠭᠡᠶᠢᠯᠡᠨ ᠡᠵᠡᠮᠳᠡᠬᠦ ᠬᠦᠴᠦᠨ ᠢ ᠲᠣᠰᠬᠤᠨ ( ᠨᠡᠶᠢᠭᠡᠮ ᠲᠣᠭᠤᠷᠢᠭ ) ᠳᠤ ᠪᠠᠭᠤᠯᠭᠠᠬᠤ ᠶᠢ | ᠪᠦᠲᠦᠮᠵᠢᠲᠡᠶ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷᠵᠢᠯ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠲᠤᠭ᠎ᠠ ᠪᠠᠷᠢᠮᠲᠠ ᠶᠢ ᠴᠡᠪᠡᠷᠯᠡᠬᠦ ᠪᠠ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ | ᠠᠵᠢᠯ ᠢ ᠨᠠᠷᠢᠯᠢᠭ ᠣᠨᠣᠪᠴᠢᠲᠠᠶ ᠰᠠᠶᠢᠲᠤᠷ ᠬᠢᠵᠦ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠃ ᠡᠭᠦᠨ ᠤ | ᠬᠠᠮᠲᠤ᠂ ᠲᠦᠷᠭᠡᠨ ᠬᠦᠷᠭᠡᠯᠲᠡ ᠶᠢᠨ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠰᠠᠬᠢᠵᠤ᠂ ᠵᠣᠴᠢᠳ ᠤᠨ | ᠪᠠᠭᠤᠳᠠᠯ᠂ ᠵᠤᠭ᠎ᠠ ᠴᠡᠩᠭᠡᠯ ᠤᠨ ᠲᠠᠯᠠᠪᠤᠷ ᠭᠠᠵᠠᠷ᠂ ᠤᠬᠢᠶᠠᠯᠭ᠎ᠠ ᠶᠢᠨ ᠭᠠᠵᠠᠷ ᠵᠡᠷᠭᠡ ᠠᠵᠢᠯ ᠲᠥᠷᠥᠯ ᠤᠨ ᠲᠠᠯᠠᠪᠤᠷ | ᠤᠨ ᠦᠨᠡᠨ ᠨᠡᠷ᠎ᠡ ᠶᠢᠨ ᠲᠦᠷᠢᠮ ᠢᠶᠠᠷ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢ ᠴᠢᠩᠭᠠᠳᠬᠠᠵᠤ᠂ ᠭᠤᠤᠯᠳᠠᠯᠭ᠎ᠠ | ᠲᠠᠢ ᠭᠠᠵᠠᠷ᠂ ᠭᠤᠤᠯᠳᠠᠯᠭ᠎ᠠ ᠲᠠᠢ ᠵᠠᠮ ᠤᠨ ᠬᠡᠰᠡᠭ ᠲᠤ ᠲᠣᠭᠲᠠᠭᠰᠠᠨ ᠴᠡᠭ ᠢᠶᠠᠷ ᠵᠢᠵᠢᠭᠦᠷᠯᠡᠨ ᠰᠠᠬᠢᠬᠤ ᠪᠠ | ᠨᠡᠶᠢᠭᠡᠮ ᠤᠨ ᠲᠠᠯ᠎ᠠ ᠪᠠᠷ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠪᠥᠬᠦ ᠬᠤᠰᠢᠭᠤᠨ ᠤ | ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ | ᠢᠮᠠᠭᠳᠠ ᠪᠠᠳᠤᠯᠠᠵᠤ ᠪᠤᠢ᠃ | | | | |