| ᠬᠡᠷᠡᠭᠯᠡᠭᠴᠢᠳ ᠤᠨ ᠮᠥᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠡᠷᠴᠢᠮ ᠢ ᠤᠯᠠᠮ | ᠴᠢᠩᠭᠠᠷᠠᠭᠤᠯᠵᠤ᠂ ᠬᠡᠷᠡᠭᠯᠡᠭᠴᠢᠳ ᠤᠨ ᠮᠥᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠬᠠᠤᠯᠢ | ᠳᠦᠷᠢᠮ ᠤᠨ ᠲᠡᠰ ᠳᠠᠪᠬᠤᠷᠭ᠎ᠠ ᠶᠢ ᠳᠡᠭᠡᠭᠰᠢᠯᠡᠭᠦᠯᠬᠦ ᠶᠢᠨ ᠲᠤᠰᠠᠳᠠ᠂ ︽ᠬᠤᠪᠢ ᠬᠥᠮᠥᠨ ᠤ ᠮᠥᠩᠭᠦᠨ | ᠭᠦᠢᠯᠭᠡᠭᠡᠨ ᠤ ᠰᠤᠷᠠᠭ ᠵᠠᠩᠭᠢ ︵ᠲᠤᠭ᠎ᠠ ᠪᠠᠷᠢᠮᠲᠠ︶ ᠶᠢ ᠬᠠᠮᠠᠭᠠᠯᠠᠬᠤ ᠲᠤᠷᠰᠢᠨ ᠬᠡᠷᠡᠭᠯᠡᠬᠦ ᠠᠷᠭ᠎ᠠ︾ ᠵᠡᠷᠭᠡ ᠶᠢ | ᠠᠷᠠᠳ ᠤᠨ ᠪᠠᠩᠬᠢ ᠶᠢᠨ ᠳᠦᠷᠢᠮ ᠲᠣᠭᠲᠠᠭᠠᠯ ᠠᠵᠢᠯ ᠤᠨ ᠲᠥᠯᠥᠪᠯᠡᠭᠡ ᠳᠤ ᠣᠷᠣᠭᠤᠯᠵᠤ᠂ ︽ᠲᠤᠮᠳᠠᠳᠤ | ᠤᠯᠤᠰ ᠤᠨ ᠠᠷᠠᠳ ᠤᠨ ᠪᠠᠩᠬᠢ ᠶᠢᠨ ᠮᠦ᠋ᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ | ᠬᠡᠷᠡᠭᠵᠢᠭᠦᠯᠬᠦ ᠠᠷᠭ᠎ᠠ︾ ᠶᠢ 11 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠂ ᠲᠤᠰ ᠬᠡᠷᠡᠭᠵᠢᠭᠦᠯᠬᠦ | ᠠᠷᠭ᠎ᠠ ᠨᠢ ᠤᠤᠯ ᠤᠨ ᠪᠠᠶᠢᠭᠰᠠᠨ ᠮᠥᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠲᠤᠰᠬᠠᠢ ᠳᠦᠷᠢᠮ ᠤᠨ | ᠰᠠᠭᠤᠷᠢᠨ ᠳᠡᠭᠡᠷ᠎ᠡ᠂ ᠰᠤᠷᠠᠭ ᠵᠠᠩᠭᠢ ᠴᠤᠭᠯᠠᠭᠤᠯᠬᠤ᠂ ᠨᠡᠶᠢᠲᠡᠯᠡᠬᠦ ᠪᠠ ᠮᠡᠳᠡᠭᠳᠡᠬᠦ᠂ ᠬᠡᠷᠡᠭᠯᠡᠬᠦ᠂ ᠬᠠᠮᠢᠶᠠᠷᠬᠤ᠂ | ᠬᠠᠳᠠᠭᠠᠯᠠᠬᠤ ᠪᠠ ᠨᠢᠭᠤᠴᠠ ᠶᠢ ᠬᠠᠮᠠᠭᠠᠯᠠᠬᠤ ᠵᠡᠷᠭᠡ ᠲᠠᠯ᠎ᠠ ᠪᠠᠷ ᠰᠢᠯᠢᠳᠡᠭᠵᠢᠭᠦᠯᠦᠭᠰᠡᠨ ᠪᠠᠶᠢᠨ᠎ᠠ᠃ | ᠬᠡᠷᠡᠭᠯᠡᠭᠴᠢᠳ ᠤᠨ ᠮᠥᠩᠭᠦᠨ ᠭᠦᠢᠯᠭᠡᠭᠡᠨ ᠤ ᠰᠤᠷᠠᠭ ᠵᠠᠩᠭᠢ ᠳᠤ ᠶᠡᠷᠦᠳᠡᠭᠡᠨ ᠬᠤᠪᠢ ᠬᠥᠮᠥᠨ ᠤ ᠪᠡᠶ᠎ᠡ ᠶᠢᠨ | ᠭᠠᠷᠤᠯ ᠤᠨ ᠰᠤᠷᠠᠭ ᠵᠠᠩᠭᠢ᠂ ᠡᠳ᠋ ᠬᠥᠷᠥᠩᠭᠡ ᠶᠢᠨ ᠰᠤᠷᠠᠭ ᠵᠠᠩᠭᠢ᠂ ᠳᠠᠩᠰᠨ ᠬᠠᠷ᠎ᠠ ᠶᠢᠨ ᠰᠤᠷᠠᠭ ᠵᠠᠩᠭᠢ᠂ | ᠢᠲᠡᠭᠡᠮᠵᠢ ᠶᠢᠨ ᠰᠤᠷᠠᠭ ᠵᠠᠩᠭᠢ᠂ ᠮᠥᠩᠭᠦᠨ ᠭᠦᠢᠯᠭᠡᠭᠡᠨ ᠤ ᠰᠣᠯᠢᠯᠴᠠᠭᠠᠨ ᠤ ᠰᠤᠷᠠᠭ ᠵᠠᠩᠭᠢ ᠪᠣᠯᠣᠨ ᠬᠤᠪᠢ | ᠬᠥᠮᠥᠨ ᠤ ᠪᠤᠰᠤᠳ ᠵᠠᠷᠢᠮ ᠤᠨᠴᠠᠭᠠᠢ ᠰᠤᠷᠠᠭ ᠵᠠᠩᠭᠢ ᠪᠠᠭᠲᠠᠨ᠎ᠠ᠃ ᠡᠳᠡᠭᠡᠷ ᠴᠢᠬᠤᠯᠠ ᠰᠤᠷᠠᠭ ᠵᠠᠩᠭᠢ ᠯᠡᠪᠡᠷᠡᠬᠦ ᠳᠤ | ᠬᠦᠷᠪᠡᠯ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠲᠤᠰ ᠪᠡᠶ᠎ᠡ ᠪᠣᠯᠣᠨ ᠭᠡᠷ ᠪᠦᠯᠢ᠂ ᠰᠠᠳᠤᠨ ᠲᠦᠷᠦᠯ ᠤᠨ ᠡᠳ᠋ | ᠬᠥᠷᠥᠩᠭᠡ ᠳᠤ ᠬᠤᠬᠢᠷᠠᠯ ᠤᠴᠠᠷᠠᠵᠤ ᠮᠡᠳᠡᠨ᠎ᠡ᠃ ᠡᠶᠢᠮᠦ ᠶᠢᠨ ᠲᠤᠯᠠᠳᠠ᠂ ᠬᠤᠪᠢ ᠬᠥᠮᠥᠨ ᠤ ᠮᠦ᠋ᠩᠭᠦᠨ | ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠳᠤ ᠳᠣᠣᠷᠠᠬᠢ ᠲᠤᠯᠤᠭᠠᠨ ᠲᠠᠯ᠎ᠠ ᠶᠢ ᠭᠤᠣᠯᠳᠠᠯᠭ᠎ᠠ ᠲᠠᠢ ᠡᠵᠡᠮᠳᠡᠬᠦ | ᠪᠣᠯᠪᠠ ᠦᠦ ᠭᠡᠵᠦ ᠲᠥᠪ ᠪᠠᠩᠬᠢ ᠰᠠᠨᠠᠭᠤᠯᠵᠤ ᠪᠠᠶᠢᠨ᠎ᠠ᠄ | ᠨᠢᠭᠡ ᠳᠤ ᠪᠡᠶ᠎ᠡ ᠶᠢᠨ ᠦᠨᠡᠮᠯᠡᠯ᠂ ᠪᠠᠩᠬᠢ ᠶᠢᠨ ᠺᠠᠷᠲ᠂ ᠪᠠᠩᠬᠢ ᠶᠢᠨ ᠳᠠᠩᠰᠠ ᠵᠡᠷᠭᠡ ᠪᠠᠨ ᠰᠠᠶᠢᠲᠤᠷ | ᠬᠠᠮᠢᠶᠠᠷᠬᠤ ᠬᠡᠷᠡᠭᠲᠡᠢ᠂ ᠪᠤᠰᠤᠳ ᠲᠤ ᠵᠢᠭᠡᠯᠡᠭᠦᠯᠵᠦ ᠪᠤᠯᠬᠤ ᠦᠭᠡᠢ︔ | ᠬᠤᠶᠠᠷ ᠲᠤ ᠮᠥᠩᠭᠦᠨ ᠭᠦᠢᠯᠭᠡᠭᠡᠨ ᠤ ᠰᠤᠷᠠᠭ ᠵᠠᠩᠭᠢ᠂ ᠡᠳ᠋ ᠬᠥᠷᠥᠩᠭᠡ ᠶᠢᠨ ᠪᠠᠶᠢᠳᠠᠯ ᠵᠡᠷᠭᠡ ᠦᠨᠳᠦᠰᠦᠨ | ᠰᠤᠷᠠᠭ ᠵᠠᠩᠭᠢ ᠪᠠᠨ ᠪᠤᠰᠤᠳ ᠲᠤ ᠵᠠᠳᠠᠷᠠᠭᠤᠯᠤᠭᠰᠠᠨ ᠤ ᠬᠡᠷᠡᠭ ᠦᠭᠡᠢ᠂ ᠰᠦᠯᠵᠢᠶᠡᠨ ᠳᠡᠭᠡᠷ᠎ᠡ ᠪᠤᠶᠤ | ᠰᠦᠯᠵᠢᠶᠡᠨ ᠤ ᠭᠠᠳᠠᠨ᠎ᠠ ᠬᠤᠪᠢ ᠬᠥᠮᠥᠨ ᠤ ᠮᠥᠩᠭᠦᠨ ᠭᠦᠢᠯᠭᠡᠭᠡᠨ ᠤ ᠰᠤᠷᠠᠭ ᠵᠠᠩᠭᠢ ᠶᠢ ᠳᠤᠷ᠎ᠠ ᠪᠠᠷ ᠢᠶᠠᠨ | ᠦᠯᠡᠳᠡᠭᠡᠵᠦ ᠪᠤᠯᠬᠤ ᠦᠭᠡᠢ︔ | ᠭᠤᠷᠪᠠ ᠳᠤ ᠮᠥᠩᠭᠦᠨ ᠭᠦᠢᠯᠭᠡᠭᠡᠨ ᠤ ᠶᠠᠪᠤᠳᠠᠯ ᠢ ᠠᠯᠢ ᠪᠤᠯᠬᠤ ᠶᠢᠨ ᠳᠣᠲᠣᠷ ᠥᠪᠡᠷ ᠢᠶᠠᠨ ᠭᠦᠢᠴᠡᠳᠬᠡᠬᠦ | ᠬᠡᠷᠡᠭᠲᠡᠢ᠂ ᠲᠠᠨᠢᠯ ᠪᠤᠰᠤ ᠬᠥᠮᠥᠨ ᠪᠤᠶᠤ ᠵᠠᠭᠤᠴᠢ ᠶᠢ ᠨᠠᠶᠢᠳᠠᠵᠤ ᠪᠤᠯᠬᠤ ᠦᠭᠡᠢ᠂ ᠬᠤᠪᠢ ᠬᠥᠮᠥᠨ ᠤ ᠰᠤᠷᠠᠭ | ᠵᠠᠩᠭᠢ ᠬᠤᠯᠠᠭᠠᠶᠢᠯᠠᠭᠳᠠᠬᠤ ᠠᠴᠠ ᠪᠣᠯᠭᠤᠮᠵᠢᠯᠠᠬᠤ ᠬᠡᠷᠡᠭᠲᠡᠢ︔ | ᠳᠥᠷᠪᠡ ᠳᠤ ᠥᠪᠡᠷ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠᠷ ᠢᠶᠠᠨ ᠡᠯ᠎ᠡ ᠵᠦᠢᠯ ᠤᠨ ᠲᠤᠬᠠᠶᠢᠯᠠᠭᠰᠠᠨ | ᠠᠵᠢᠯ ᠭᠦᠢᠴᠡᠳᠬᠡᠬᠦ ᠦᠶᠡᠰ ᠬᠠᠭᠤᠯᠪᠤᠷᠢ ᠳᠡᠭᠡᠷ᠎ᠡ ᠪᠠᠨ ᠬᠡᠷᠡᠭᠯᠡᠬᠦ ᠵᠣᠷᠢᠯᠭ᠎ᠠ ᠪᠠᠨ ᠲᠣᠳᠣᠷᠬᠠᠶᠢᠯᠠᠬᠤ ᠬᠡᠷᠡᠭᠲᠡᠢ︔ | ᠲᠠᠪᠤ ᠳᠤ ᠺᠠᠷᠲ ᠰᠢᠷᠪᠢᠭᠰᠡᠨ ᠬᠤᠳᠠᠯᠳᠤᠭᠠᠨ ᠤ ᠪᠠᠷᠢᠮᠲᠠ᠂ ᠵᠣᠭᠤᠰ ᠠᠪᠤᠭᠰᠠᠨ ᠭᠡᠷᠡᠴᠢ᠂ ᠢᠲᠡᠭᠡᠮᠵᠢ ᠶᠢᠨ | ᠺᠠᠷᠲ ᠤᠨ ᠳᠠᠩᠰᠠ ᠲᠠᠭᠠᠷᠠᠭᠤᠯᠤᠭᠰᠠᠨ ᠪᠠᠷᠢᠮᠲᠠ ᠵᠡᠷᠭᠡ ᠲᠡᠷᠡ ᠳᠠᠷᠤᠢ ᠳᠤᠨᠢ ᠦᠭᠡᠶᠢᠬᠢᠬᠦ ᠴᠢᠬᠤᠯᠠᠲᠠᠢ ᠮᠥᠩᠭᠦᠨ | ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠳᠠᠩᠰᠠ ᠪᠠᠷᠢᠮᠲᠠ ᠶᠢ ᠬᠠᠮᠢᠶ᠎ᠠ ᠦᠭᠡᠢ ᠬᠠᠶᠠᠵᠤ ᠭᠡᠭᠡᠵᠦ ᠪᠤᠯᠬᠤ ᠦᠭᠡᠢ︔ | | ᠵᠢᠷᠭᠤᠭ᠎ᠠ ᠳᠤ ᠢᠷᠡᠯ ᠨᠢ ᠲᠣᠳᠣ ᠦᠭᠡᠢ ᠭᠠᠷ ᠤᠲᠠᠰᠤᠨ ᠤ ᠴᠢᠬᠢᠮ ᠴᠢᠮᠡᠭᠡ᠂ ᠰᠢᠤᠳᠠᠨ ᠭᠤᠪᠢᠭᠤᠯᠭ᠎ᠠ | ᠪᠣᠯᠣᠨ ᠲᠣᠳᠣᠷᠬᠠᠢ ᠪᠤᠰᠤ ᠬᠤᠯᠪᠣᠭᠠᠰᠤ ᠶᠢ ᠳᠤᠷᠠᠪᠡᠷ ᠢᠶᠠᠨ ᠲᠣᠪᠰᠢᠵᠤ ᠪᠤᠯᠬᠤ ᠦᠭᠡᠢ᠂ ᠢᠷᠡᠯ ᠨᠢ ᠲᠣᠳᠣ ᠦᠭᠡᠢ | ᠮᠡᠷᠭᠡᠨ ᠴᠣᠬᠤᠷ ᠢ ᠪᠢᠲᠡᠭᠡᠢ ᠬᠠᠮᠢᠶ᠎ᠠ ᠦᠭᠡᠢ ᠰᠢᠷᠪᠢᠭᠡᠷᠡᠢ᠂ ᠤᠯᠠᠨ ᠨᠡᠶᠢᠲᠡ ᠶᠢᠨ WiFi᠂ ᠨᠢᠭᠤᠴᠠ ᠨᠣᠮᠧᠷ | ᠦᠭᠡᠢ WiFi ᠶᠢ ᠬᠢᠴᠢᠶᠡᠵᠦ ᠬᠡᠷᠡᠭᠯᠡᠬᠦ ᠬᠡᠷᠡᠭᠲᠡᠢ︔ | ᠲᠤᠯᠤᠭ᠎ᠠ ᠳᠤ ᠥᠪᠡᠷ ᠤᠨ ᠴᠢᠨᠢ ᠮᠥᠩᠭᠦᠨ ᠭᠦᠢᠯᠭᠡᠭᠡᠨ ᠤ ᠰᠤᠷᠠᠭ ᠵᠠᠩᠭᠢ ᠵᠠᠳᠠᠷᠠᠭᠰᠠᠨ ᠢ ᠮᠡᠳᠡᠮᠡᠭᠴᠡ | ᠳᠠᠷᠦ᠋ᠢᠬᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ ᠡᠷᠬᠡ ᠪᠠᠨ ᠬᠠᠮᠠᠭᠠᠯᠠᠬᠤ ᠬᠡᠷᠡᠭᠲᠡᠢ᠃ | ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠦ᠋ ᠴᠢᠦ ᠢᠦᠢ | | | | | | |