ᠨᠤᠲᠤᠭ ᠤᠨ ᠳᠠᠬᠢᠶ᠎ᠠ ᠳᠡᠵᠢᠭᠡᠬᠦ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2022/8/31
     ᠨᠤᠲᠤᠭ ᠤᠨ ᠲᠠᠬᠢᠶ᠎ᠠ ᠶᠢᠨ ᠡᠭᠦᠯᠳᠡᠷ ᠨᠢ ᠮᠠᠰᠢ ᠣᠯᠠᠨ ᠪᠠᠶᠢᠳᠠᠭ᠃ ᠭᠠᠭᠴᠠ ᠬᠦ ᠵᠥᠪ ᠲᠥᠷᠥᠯ ᠵᠦᠢᠯ ᠢ ᠰᠣᠩᠭᠤᠵᠤ᠂ ᠰᠠᠶ᠋ᠢ ᠥᠪᠡᠷ ᠤᠨ ᠠᠰᠢᠭ ᠲᠤᠰᠠ ᠪᠠᠨ ᠪᠠᠲᠤᠯᠠᠭ᠎ᠠ ᠲᠠᠢ ᠪᠣᠯᠭᠠᠵᠤ ᠴᠢᠳᠠᠨ᠎ᠠ᠂ ᠭᠡᠪᠡᠴᠦ ᠮᠠᠰᠢ ᠤᠯᠠᠨ ᠬᠥᠮᠥᠨ ᠡᠭᠦᠨ ᠢ ᠠᠩᠬᠠᠷᠤᠭᠰᠠᠨ ᠦᠭᠡᠢ᠃ ᠲᠦᠷᠦᠯ ᠵᠦᠢᠯ ᠢ ᠰᠣᠩᠭᠤᠬᠤ ᠲᠠᠯ᠎ᠠ ᠪᠠᠷ ᠴᠤ ᠨᠡᠯᠢᠶᠡᠳ ᠰᠣᠬᠤᠷ ᠪᠠᠯᠠᠢ ᠪᠠᠶᠢᠳᠠᠭ᠃ ᠵᠠᠬ᠎ᠠ ᠳᠡᠯᠭᠡᠭᠦᠷ ᠤᠨ ᠲᠤᠬᠠᠢ ᠶᠠᠮᠠᠷ ᠴᠤ ᠪᠠᠶᠢᠴᠠᠭᠠᠯᠲᠠ ᠬᠢᠭᠰᠡᠨ ᠦᠭᠡᠢ᠂ ᠪᠠᠰᠠ ᠥᠪᠡᠷ ᠤᠨ ᠰᠠᠭᠤᠵᠤ ᠪᠠᠶᠢᠭ᠎ᠠ ᠭᠠᠵᠠᠷ ᠲᠠᠭᠠᠨ ᠶᠠᠮᠠᠷ ᠡᠭᠦᠯᠳᠡᠷ ᠤᠨ ᠨᠤᠲᠤᠭ ᠤᠨ ᠲᠠᠬᠢᠶ᠎ᠠ ᠲᠡᠵᠢᠭᠡᠬᠦ ᠳᠤ ᠲᠣᠬᠢᠷᠠᠬᠤ ᠶᠢ ᠮᠡᠳᠡᠬᠦ ᠦᠭᠡᠢ᠂ ᠬᠠᠮᠤᠭ ᠰᠡᠭᠦᠯ ᠳᠤᠨᠢ ᠴᠢᠨᠠᠷ ᠰᠠᠶᠢᠲᠠᠢ ᠲᠠᠬᠢᠶ᠎ᠠ ᠲᠡᠵᠢᠭᠡᠵᠦ ᠳᠡᠶᠢᠯᠬᠦ ᠦᠭᠡᠢ᠂ ᠭᠠᠷᠤᠯᠲᠠ ᠨᠢ ᠨᠠᠩ ᠥᠨᠳᠥᠷ ᠪᠠᠶᠢᠵᠤ ᠴᠢᠳᠠᠬᠤ ᠦᠭᠡᠢ᠂ ᠪᠠᠰᠠ ᠵᠠᠷᠢᠮ ᠬᠥᠮᠥᠨ ᠵᠣᠭᠤᠰ ᠢᠶᠠᠨ ᠠᠷᠪᠢᠯᠠᠬᠤ ᠶᠢᠨ ᠲᠥᠯᠥᠭᠡ ᠡᠭᠦᠯᠳᠡᠷ ᠬᠤᠳᠠᠯᠳᠤᠨ ᠠᠪᠬᠤ ᠳᠠᠭᠠᠨ ᠬᠢᠮᠳᠠ ᠭᠠᠵᠠᠷ ᠢ ᠰᠣᠩᠭᠤᠳᠠᠭ᠂ ᠡᠶᠢᠮᠦ ᠲᠠᠬᠢᠶ᠎ᠠ ᠨᠢ ᠬᠢᠷᠢ ᠲᠡᠩᠴᠡᠭᠦ ᠦᠭᠡᠢ ᠪᠠᠶᠢᠵᠤ ᠮᠡᠳᠡᠨ᠎ᠡ᠂ ᠬᠤᠳᠠᠯᠳᠤᠵᠤ ᠠᠪᠴᠢᠷᠠᠭᠰᠠᠨ ᠤ ᠳᠠᠷᠠᠭ᠎ᠠ ᠦᠬᠦᠬᠦ ᠨᠣᠷᠮ᠎ᠠ ᠨᠢ ᠣᠨᠴᠠᠭᠠᠶ ᠥᠨᠳᠥᠷ ᠪᠠᠶᠢᠵᠤ᠂ ᠡᠴᠦᠰ ᠲᠡᠭᠡᠨ ᠥᠪᠡᠷ ᠤᠨ ᠪᠡᠶ᠎ᠡ ᠳᠡᠭᠡᠨ ᠮᠠᠰᠢ ᠣᠯᠠᠨ ᠵᠣᠭᠤᠰ ᠢᠶᠠᠨ ᠠᠯᠳᠠᠴᠢᠬᠠᠳᠠᠭ ᠪᠠᠶᠢᠨ᠎ᠠ᠃      ᠲᠠᠬᠢᠶ᠎ᠠ ᠲᠡᠵᠢᠭᠡᠬᠦ ᠳᠤ ᠡᠷᠬᠡᠪᠰᠢ ᠲᠡᠭᠦᠨ ᠤ ᠦᠰᠦᠨ ᠪᠤᠶᠢᠵᠢᠬᠤ ᠳᠤ ᠬᠠᠮᠤᠭ ᠤᠨ ᠲᠣᠬᠢᠷᠠᠮᠵᠢᠲᠠᠢ ᠭᠠᠵᠠᠷ ᠢ ᠰᠣᠩᠭᠤᠬᠤ ᠬᠡᠷᠡᠭᠲᠡᠢ᠃ ᠡᠶᠢᠮᠦ ᠠᠴᠠ ᠲᠠᠬᠢᠶ᠎ᠠ ᠲᠡᠵᠢᠭᠡᠬᠦ ᠲᠠᠯᠠᠪᠠᠶ ᠶᠢ ᠰᠣᠩᠭᠤᠬᠤ ᠨᠢ ᠮᠠᠰᠢ ᠴᠢᠬᠤᠯᠠ ᠪᠠᠶᠢᠳᠠᠭ᠃ ᠬᠠᠷᠢᠨ ᠨᠤᠲᠤᠭ ᠤᠨ ᠲᠠᠬᠢᠶ᠎ᠠ ᠶᠢ ᠶᠡᠷᠦ ᠳᠡᠭᠡᠨ ᠪᠦᠷ ᠬᠥᠳᠡᠭᠡ ᠲᠡᠵᠢᠭᠡᠬᠦ ᠶᠢ ᠬᠡᠷᠡᠭᠯᠡᠳᠡᠭ᠃ ᠡᠶᠢᠮᠦ ᠠᠴᠠ ᠰᠣᠩᠭᠤᠵᠤ ᠭᠠᠷᠭᠠᠭᠰᠠᠨ ᠲᠠᠬᠢᠶ᠎ᠠ ᠲᠡᠵᠢᠭᠡᠬᠦ ᠲᠠᠯᠠᠪᠠᠶ ᠶᠢᠨ ᠣᠶᠢᠷ᠎ᠠ ᠬᠠᠪᠢ ᠳᠤ ᠬᠦᠷᠦᠯᠴᠡᠬᠦ᠋ᠢᠴᠡ ᠶᠡᠭᠡ ᠣᠶᠢᠲᠤ ᠭᠠᠵᠠᠷ ᠪᠠᠶᠢᠬᠤ ᠬᠡᠷᠡᠭᠲᠡᠢ᠃ ᠭᠡᠪᠡᠴᠦ ᠲᠠᠷᠢᠶᠠᠨ ᠠᠴᠠ ᠳᠡᠩᠳᠡᠭᠦᠦ ᠣᠶᠢᠷᠠᠬᠠᠨ ᠪᠠᠶᠢᠵᠤ ᠪᠣᠯᠬᠤ ᠦᠭᠡᠢ᠂ ᠡᠭᠦᠨ ᠤ ᠬᠠᠮᠲᠤ ᠶᠠᠮᠠᠷ ᠴᠤ ᠪᠣᠬᠢᠷᠳᠤᠯ ᠪᠠᠶᠢᠵᠤ ᠪᠣᠯᠬᠤ ᠦᠭᠡᠢ᠂ ᠢᠩᠭᠢᠪᠡᠯ ᠲᠠᠬᠢᠶ᠎ᠠ ᠳᠤ ᠶᠠᠮᠠᠷ ᠴᠤ ᠬᠤᠣᠷ ᠬᠥᠨᠥᠭᠡᠯ ᠤᠴᠠᠷᠠᠭᠤᠯᠬᠤ ᠠᠴᠠ ᠵᠠᠶᠢᠯᠠᠰᠬᠢᠵᠦ ᠪᠣᠯᠣᠨ᠎ᠠ᠃ ᠡᠭᠦᠨ ᠤ ᠬᠠᠮᠲᠤ ᠲᠠᠬᠢᠶᠠᠨ ᠤ ᠡᠭᠦᠷ ᠪᠠᠷᠢᠬᠤ ᠳᠠᠭᠠᠨ ᠥᠪᠡᠷ ᠤᠨ ᠥᠷᠲᠡᠭ ᠢ ᠬᠡᠲᠦᠷᠬᠡᠢ ᠥᠨᠳᠥᠷ ᠣᠷᠣᠭᠤᠯᠵᠤ ᠪᠣᠯᠬᠤ ᠦᠭᠡᠢ᠂ ᠲᠠᠬᠢᠶ᠎ᠠ ᠶᠢᠨ ᠥᠰᠦᠯᠲᠡ ᠪᠤᠶᠢᠵᠢᠯᠲᠠ ᠳᠤ ᠲᠣᠬᠢᠷᠠᠪᠠᠯ ᠪᠣᠯᠴᠢᠬᠠᠨ᠎ᠠ᠂ ᠬᠡᠳᠦᠢ ᠬᠡᠭᠡᠨᠴᠢᠷ ᠪᠠᠷᠢᠭᠰᠠᠨ ᠴᠤ ᠬᠡᠷᠡᠭ ᠦᠭᠡᠢ᠂ ᠢᠩᠭᠢᠪᠡᠯ ᠵᠥᠪᠬᠡᠨ ᠥᠪᠡᠷ ᠤᠨ ᠥᠷᠲᠡᠭ ᠢ ᠨᠢ ᠨᠡᠮᠡᠭᠳᠡᠭᠦᠯᠦᠨ᠎ᠡ᠂ ᠲᠡᠭᠡᠪᠡᠯ ᠬᠠᠮᠤᠭ ᠡᠴᠦᠰ ᠤᠨ ᠠᠰᠢᠭ ᠲᠤᠰᠠ ᠨᠢ ᠠᠶᠠᠨᠳᠠᠭᠠᠨ ᠨᠥᠯᠥᠭᠡᠯᠡᠭᠳᠡᠨ᠎ᠡ᠃      ᠨᠤᠲᠤᠭ ᠤᠨ ᠲᠠᠬᠢᠶ᠎ᠠ ᠶᠢ ᠲᠡᠵᠢᠭᠡᠨ ᠦᠷᠡᠵᠢᠭᠦᠯᠬᠦ ᠳᠤ ᠢᠯᠠᠭᠳᠠᠯ ᠳᠤ ᠤᠴᠠᠷᠠᠭᠤᠯᠬᠤ ᠶᠢᠨ ᠭᠤᠣᠯ ᠰᠢᠯᠲᠠᠭᠠᠨ ᠪᠣᠯ ᠲᠤᠰᠬᠠᠢ ᠮᠡᠷᠭᠡᠵᠢᠯ ᠤᠨ ᠮᠡᠳᠡᠯᠭᠡ ᠰᠤᠷᠬᠤ ᠦᠭᠡᠢ ᠪᠤᠶᠤ ᠲᠤᠰᠬᠠᠢ ᠮᠡᠷᠭᠡᠵᠢᠯ ᠤᠨ ᠪᠣᠯᠪᠠᠰᠤᠷᠠᠯ ᠢ ᠳᠠᠮᠵᠢᠭᠰᠠᠨ ᠦᠭᠡᠢ ᠪᠣᠯ ᠲᠡᠵᠢᠭᠡᠨ ᠦᠷᠡᠵᠢᠭᠦᠯᠬᠦ ᠶᠠᠪᠤᠴᠠ ᠳᠤ ᠮᠠᠰᠢ ᠣᠯᠠᠨ ᠠᠰᠠᠭᠤᠳᠠᠯ ᠭᠠᠷᠳᠠᠭ᠃ ᠢᠯᠠᠩᠭᠤᠶ᠎ᠠ ᠲᠡᠵᠢᠭᠡᠯ ᠤᠨ ᠲᠠᠯ᠎ᠠ ᠪᠠᠷ᠂ ᠨᠤᠲᠤᠭ ᠤᠨ ᠲᠠᠬᠢᠶ᠎ᠠ ᠶᠢ ᠲᠡᠵᠢᠭᠡᠬᠦ ᠨᠢ ᠪᠤᠰᠤᠳ ᠭᠡᠷ ᠤᠨ ᠲᠠᠬᠢᠶ᠎ᠠ ᠶᠢ ᠲᠡᠵᠢᠭᠡᠬᠦ ᠠᠷᠭ᠎ᠠ ᠲᠠᠢ ᠠᠳᠠᠯᠢ ᠦᠭᠡᠢ ᠪᠠᠶᠢᠳᠠᠭ᠃ ᠬᠡᠷᠪᠡ ᠲᠡᠷᠡ ᠠᠷᠭ᠎ᠠ ᠪᠠᠷ ᠲᠡᠵᠢᠭᠡᠪᠡᠯ ᠲᠠᠬᠢᠶ᠎ᠠ ᠳᠤ ᠮᠠᠰᠢ ᠶᠡᠭᠡ ᠬᠤᠬᠢᠷᠠᠯ ᠤᠴᠠᠷᠠᠭᠤᠯᠵᠤ᠂ ᠢᠯᠠᠭᠳᠠᠬᠤ ᠲᠣᠬᠢᠶᠠᠯᠳᠤᠮᠵᠢ ᠶᠢ ᠨᠡᠮᠡᠭᠳᠡᠭᠦᠯᠦᠨ᠎ᠡ᠂ ᠮᠡᠷᠭᠡᠵᠢᠯ ᠢᠶᠠᠨ ᠳᠡᠭᠡᠭᠰᠢᠯᠡᠭᠦᠯᠪᠡᠯ ᠲᠠᠬᠢᠶ᠎ᠠ ᠡᠪᠡᠳᠴᠢᠯᠡᠬᠦ ᠠᠴᠠ ᠵᠠᠶᠢᠯᠠᠰᠬᠢᠵᠦ ᠪᠣᠯᠬᠤ ᠮᠥᠷᠲᠡᠭᠡᠨ ᠰᠢᠮ᠎ᠡ ᠲᠡᠵᠢᠭᠡᠯ ᠢ ᠨᠢ ᠴᠦ ᠪᠠᠲᠤᠯᠠᠵᠤ ᠴᠢᠳᠠᠨ᠎ᠠ᠃ ᠡᠨᠡ ᠬᠦ ᠮᠡᠷᠭᠡᠵᠢᠯ ᠨᠢ ᠡᠯ᠎ᠡ ᠲᠠᠯ᠎ᠠ ᠪᠠᠷ ᠪᠦᠷ ᠨᠤᠲᠤᠭ ᠤᠨ ᠲᠠᠬᠢᠶ᠎ᠠ ᠶᠢᠨ ᠥᠰᠦᠯᠲᠡ ᠶᠢᠨ ᠪᠠᠶᠢᠳᠠᠯ ᠳᠤ ᠮᠠᠰᠢ ᠲᠣᠬᠢᠷᠠᠨ᠎ᠠ᠂ ᠢᠩᠭᠢᠪᠡᠯ ᠲᠠᠬᠢᠶ᠎ᠠ ᠡᠪᠡᠳᠴᠢᠯᠡᠬᠦ ᠠᠴᠠ ᠵᠠᠶᠢᠯᠠᠰᠬᠢᠵᠦ ᠴᠢᠳᠠᠨ᠎ᠠ᠂ ᠡᠭᠦᠨ ᠤ ᠬᠠᠮᠲᠤ ᠪᠠᠰᠠ ᠲᠡᠳᠡᠨ ᠤ ᠰᠢᠮ᠎ᠡ ᠲᠡᠵᠢᠭᠡᠯ ᠢ ᠪᠠᠲᠤᠯᠠᠵᠤ ᠴᠢᠳᠠᠨ᠎ᠠ᠃      ᠲᠠᠬᠢᠶ᠎ᠠ ᠡᠪᠡᠳᠴᠢᠯᠡᠬᠦ ᠠᠴᠠ ᠰᠡᠷᠭᠡᠶᠢᠯᠡᠬᠦ ᠶᠢᠨ ᠲᠥᠯᠥᠭᠡ ᠵᠠᠷᠢᠮ ᠸᠠᠺᠼᠢᠨ ᠢ ᠡᠷᠬᠡᠪᠰᠢ ᠳᠠᠷᠢᠬᠤ ᠬᠡᠷᠡᠭᠲᠡᠢ᠃ ᠡᠭᠦᠨ ᠤ ᠬᠠᠮᠲᠤ ᠲᠠᠬᠢᠶ᠎ᠠ ᠶᠢ ᠡᠪᠡᠳᠴᠢᠯᠡᠭᠦᠯᠬᠦ ᠠᠴᠠ ᠵᠠᠶᠢᠯᠠᠰᠬᠢᠬᠦ ᠶᠢᠨ ᠲᠥᠯᠥᠭᠡ᠂ ᠲᠠᠬᠢᠶᠠᠨ ᠤ ᠰᠠᠷᠠᠪᠴᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠨᠢ ᠴᠦ ᠮᠠᠰᠢ ᠴᠢᠬᠤᠯᠠ᠂ ᠡᠷᠬᠡᠪᠰᠢ ᠡᠳᠦᠷ ᠪᠦᠷᠢ ᠴᠡᠪᠡᠷᠯᠡᠬᠦ ᠬᠡᠷᠡᠭᠲᠡᠢ ᠮᠥᠷᠲᠡᠭᠡᠨ ᠠᠷᠢᠭᠤᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠮᠤᠭ ᠤᠨ ᠴᠢᠬᠤᠯᠠ ᠨᠢ ᠲᠤᠰᠬᠠᠢ ᠮᠡᠷᠭᠡᠵᠢᠯ ᠤᠨ ᠲᠠᠯ᠎ᠠ ᠶᠢᠨ ᠮᠡᠷᠭᠡᠵᠢᠯ ᠢ ᠮᠡᠳᠡᠬᠦ ᠶᠢᠨ ᠬᠠᠮᠲᠤ ᠪᠦᠷᠢᠨ ᠲᠡᠭᠦᠯᠳᠡᠷ ᠬᠠᠮᠢᠶᠠᠷᠤᠯᠲᠠ ᠶᠢᠨ ᠲᠥᠰᠥᠪ ᠲᠠᠢ ᠪᠠᠶᠢᠬᠤ ᠬᠡᠷᠡᠭᠲᠡᠢ᠂ ᠵᠥᠪ ᠠᠷᠭ᠎ᠠ ᠪᠠᠷ ᠠᠷᠠᠴᠢᠯᠠᠵᠤ ᠬᠠᠮᠢᠶᠠᠷᠪᠠᠯ ᠰᠠᠶ᠋ᠢ ᠲᠠᠬᠢᠶ᠎ᠠ ᠶᠢᠨ ᠥᠰᠴᠦ ᠪᠤᠶᠢᠵᠢᠬᠤ ᠦᠶ᠎ᠡ ᠳᠤ ᠠᠰᠠᠭᠤᠳᠠᠯ ᠭᠠᠷᠬᠤ ᠦᠭᠡᠢ ᠪᠠᠶᠢᠬᠤ ᠶᠢ ᠪᠠᠲᠤᠯᠠᠵᠤ ᠲᠠᠶᠢᠯᠤᠨ᠎ᠠ᠂ ᠨᠠᠩ ᠢᠯᠡᠭᠦᠦ ᠴᠠᠭ ᠪᠠ ᠬᠦᠴᠦ ᠶᠢ ᠠᠷᠪᠢᠯᠠᠵᠤ᠂ ᠠᠰᠢᠭ ᠲᠤᠰᠠ ᠶᠢ ᠨᠢ ᠴᠦ ᠬᠠᠮᠤᠭ ᠤᠨ ᠥᠨᠳᠥᠷ ᠲᠦᠪᠰᠢᠨ ᠳᠤ ᠬᠦᠷᠭᠡᠵᠦ ᠲᠠᠶᠢᠯᠤᠨ᠎ᠠ᠃
 
ᠢᠷᠡᠯᠲᠡ᠄ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号