| ᠤᠷᠲᠤ ᠬᠤᠭᠤᠴᠠᠭᠠᠨ ᠤ ᠵᠣᠬᠢᠴᠠᠬᠤ ᠴᠢᠨᠠᠷᠲᠠᠢ ᠬᠤᠪᠢᠰᠤᠯᠲᠠ ᠠᠴᠠ ᠪᠣᠯᠵᠤ᠂ ᠣᠨᠴᠠ ᠨᠢᠭᠡᠨ ᠭᠠᠵᠠᠷ ᠲᠤ | ᠬᠥᠨᠥᠭᠡᠯᠳᠦ ᠰᠢᠪᠠᠵᠢ ᠶᠢᠨ ᠡᠭᠦᠰᠬᠦ ᠬᠤᠭᠤᠴᠠᠭ᠎ᠠ ᠬᠢᠭᠡᠳ ᠲᠡᠭᠦᠨ ᠤ ᠮᠥᠯᠵᠢᠭᠳᠡᠭᠴᠢ ᠤᠷᠭᠤᠮᠠᠯ ᠤᠨ | ᠤᠷᠭᠤᠯᠲᠠ ᠶᠢᠨ ᠬᠤᠭᠤᠴᠠᠭ᠎ᠠ ᠨᠢ ᠬᠠᠷᠢᠯᠴᠠᠨ ᠲᠠᠭᠠᠷᠠᠬᠤ ᠪᠠᠶᠢᠳᠠᠯ ᠭᠠᠷᠳᠠᠭ᠃ ᠡᠶᠢᠮᠦ ᠠᠴᠠ ᠳᠠᠬᠢᠨ ᠲᠠᠷᠢᠬᠤ | ᠢᠯᠡᠳᠬᠡᠭᠴᠢ ᠵᠢᠴᠢ ᠪᠤᠰᠤᠳ ᠤᠨᠠᠯᠲᠠ ᠨᠡᠮᠡᠭᠳᠡᠬᠦ ᠱᠠᠭᠠᠷᠳᠠᠯᠭ᠎ᠠ ᠶᠢ ᠨᠥᠯᠥᠭᠡᠯᠡᠬᠦ ᠦᠭᠡᠢ ᠪᠠᠶᠢᠳᠠᠯ ᠳᠣᠣᠷ᠎ᠠ᠂ | ᠲᠠᠷᠢᠬᠤ ᠬᠤᠭᠤᠴᠠᠭ᠎ᠠ ᠶᠢ ᠵᠣᠬᠢᠰᠲᠠᠢ ᠤᠷᠢᠳᠴᠢᠯᠠᠭᠤᠯᠬᠤ ᠪᠤᠶᠤ ᠬᠤᠶᠢᠰᠢᠯᠠᠭᠤᠯᠤᠨ ᠬᠥᠨᠥᠭᠡᠯᠳᠦ ᠰᠢᠪᠠᠵᠢ ᠶᠢᠨ | ᠡᠭᠦᠰᠬᠦ ᠬᠤᠭᠤᠴᠠᠭ᠎ᠠ ᠪᠣᠯᠣᠨ ᠲᠠᠷᠢᠮᠠᠯ ᠤᠨ ᠠᠮᠠᠷᠬᠠᠨ ᠬᠥᠨᠥᠭᠡᠭᠳᠡᠬᠦ ᠬᠤᠭᠤᠴᠠᠭ᠎ᠠ ᠶᠢ ᠵᠥᠷᠢᠭᠦᠯᠪᠡᠯ ᠬᠥᠨᠥᠭᠡᠯᠳᠦ | ᠰᠢᠪᠠᠵᠢ ᠶᠢᠨ ᠬᠥᠨᠥᠭᠡᠯ ᠠᠴᠠ ᠵᠠᠶᠢᠯᠠᠰᠬᠢᠬᠦ ᠪᠤᠶᠤ ᠪᠠᠭᠠᠰᠬᠠᠵᠤ ᠴᠢᠳᠠᠨ᠎ᠠ᠃ ᠡᠨᠡ ᠬᠦ ᠠᠷᠭ᠎ᠠ ᠨᠢ ᠲᠡᠳᠡᠭᠡᠷ ᠲᠠᠷᠢᠬᠤ | ᠬᠤᠭᠤᠴᠠᠭᠠᠨ ᠤ ᠬᠡᠪᠴᠢᠶ᠎ᠡ ᠨᠢ ᠶᠡᠭᠡ᠂ ᠠᠮᠠᠷᠬᠠᠨ ᠬᠥᠨᠥᠭᠡᠭᠳᠡᠬᠦ ᠬᠤᠭᠤᠴᠠᠭ᠎ᠠ ᠨᠢ ᠣᠬᠤᠷ ᠲᠠᠷᠢᠮᠠᠯ ᠪᠣᠯᠣᠨ ᠢᠳᠡᠬᠦ | ᠵᠠᠩᠰᠢᠯ ᠨᠢ ᠬᠤᠪᠢᠷᠠᠳᠠᠭ ᠦᠭᠡᠢ᠃ ᠡᠭᠦᠰᠬᠦ ᠬᠤᠭᠤᠴᠠᠭ᠎ᠠ ᠨᠢ ᠠᠳᠠᠯᠢ ᠵᠢᠴᠢ ᠬᠥᠨᠥᠭᠡᠬᠦ ᠬᠤᠭᠤᠴᠠᠭ᠎ᠠ ᠨᠢ ᠨᠡᠯᠢᠶᠡᠳ | ᠲᠥᠪᠯᠡᠷᠡᠩᠭᠦᠢ ᠬᠥᠨᠥᠭᠡᠯᠳᠦ ᠰᠢᠪᠠᠵᠢ ᠳᠤ ᠢᠯᠡᠷᠬᠡᠢ ᠦᠢᠯᠡᠳᠦᠯ ᠲᠠᠢ᠃ ᠬᠠᠪᠤᠷ ᠤᠨ ᠪᠤᠭᠤᠳᠠᠢ ᠶᠢ ᠵᠣᠬᠢᠰᠲᠠᠢ ᠪᠠᠷ | ᠭᠦᠢᠬᠡᠨ ᠲᠠᠷᠢᠪᠠᠯ ᠤᠷᠢᠳᠴᠢᠯᠠᠨ ᠴᠢᠬᠢᠯᠡᠬᠦ᠂ ᠡᠮᠦᠨᠡᠬᠢ ᠬᠤᠭᠤᠴᠠᠭᠠᠨ ᠤ ᠥᠰᠦᠯᠲᠡ ᠨᠢ ᠲᠦᠷᠭᠡᠳᠴᠦ᠂ | ᠪᠤᠭᠤᠳᠠᠢ ᠶᠢᠨ ᠰᠦᠷᠡᠯ ᠤᠨ ᠢᠯᠠᠭ᠎ᠠ ᠪᠣᠯᠣᠨ ᠡᠯ᠎ᠡ ᠵᠦᠢᠯ ᠤᠨ ᠭᠠᠵᠠᠷ ᠳᠣᠣᠷᠠᠬᠢ ᠬᠥᠨᠥᠭᠡᠯᠳᠦ ᠰᠢᠪᠠᠵᠢ ᠶᠢᠨ | ᠬᠥᠨᠥᠭᠡᠯ ᠢ ᠵᠣᠬᠢᠬᠤ ᠬᠡᠮᠵᠢᠶ᠎ᠡ ᠪᠠᠷ ᠬᠥᠩᠭᠡᠷᠡᠭᠦᠯᠦᠨ᠎ᠡ᠃ | |