ᠡᠵᠡᠨ ᠬᠤᠷᠤᠭ᠎ᠠ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠭᠤᠤᠯᠳᠠᠯᠭ᠎ᠠ ᠲᠠᠢ ᠲᠥᠷᠥᠯ ᠵᠦᠶᠯ ᠤᠨ ᠲᠣᠬᠢᠷᠠᠭᠤᠯᠤᠯᠲᠠ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/31
     ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠲᠥᠷᠥᠯ ᠵᠦᠶᠯ ᠤᠨ 《 ᠵᠠᠭᠤᠨ ᠡᠳᠦᠷ ᠤᠨ ᠬᠠᠮᠲᠤᠷᠠᠭᠰᠠᠨ ᠳᠠᠶᠢᠯᠠᠯᠳᠤᠭᠠᠨ 》᠎ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠭᠤᠤᠯᠳᠠᠯᠭ᠎ᠠ ᠎ ᠲᠠᠢ ᠲᠥᠷᠥᠯ ᠵᠦᠶᠯ ᠢ ᠲᠣᠬᠢᠷᠠᠭᠤᠯᠤᠨ ᠬᠠᠮᠢᠶᠠᠷᠬᠤ ᠰᠢᠰᠲ᠋ᠧᠮ ᠤᠨ ᠪᠠᠶᠢᠭᠤᠯᠤᠯᠲᠠ ᠶᠢᠨ ᠰᠣᠳᠣᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠠᠮ ᠤᠨ ᠬᠤᠷᠢᠶᠠᠨ ᠤ ᠳᠣᠲᠣᠭᠠᠳᠤ ᠶᠢᠨ ᠡᠯ᠎ᠡ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠬᠠᠮᠢᠶ᠎ᠠ ᠪᠥᠬᠦᠶ ᠲᠠᠰᠤᠭ ᠤᠨ ᠠᠵᠢᠯᠲᠠᠨ ᠬᠤᠷᠠᠯ ᠳᠤ ᠣᠷᠣᠯᠴᠠᠪᠠ  ᠃      ᠲᠣᠰ ᠰᠢᠰᠲ᠋ᠧᠮ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠺᠣᠮᠫᠢᠦ᠋ᠲ᠋ᠧᠷ ᠪᠠ ᠭᠠᠷ ᠤᠲᠠᠰᠤ ᠪᠠᠷ ᠮᠠᠨ ᠤ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠠᠬᠢᠴᠠ ᠶᠢᠨ ᠪᠠᠶᠢᠳᠠᠯ ᠢ ᠣᠶᠢᠯᠠᠭᠠᠵᠤ᠂ ᠲᠥᠷᠥᠯ ᠵᠦᠶᠯ ᠎ ᠤᠨ ᠡᠮᠦᠨᠡᠬᠢ ᠬᠤᠭᠤᠴᠠᠭᠠᠨ ᠤ ᠲᠥᠷᠥᠯ ᠵᠦᠶᠯ ᠲᠣᠭᠲᠠᠭᠠᠬᠤ᠂ ᠡᠨᠧᠷᠭᠢ ᠠᠷᠪᠢᠯᠠᠬᠤ᠂ ᠭᠠᠵᠠᠷ ᠰᠢᠷᠣᠶ ᠶᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ᠂ ᠭᠠᠵᠠᠷ ᠰᠢᠷᠣᠶ ᠮᠡᠳᠡᠭᠦᠯᠦᠨ ᠵᠥᠪᠰᠢᠶᠡᠷᠡᠭᠦᠯᠬᠦ᠂ ᠣᠶ ᠰᠢᠭᠤᠶ ᠨᠤᠲᠤᠭ ᠪᠡᠯᠴᠢᠭᠡᠷ ᠢ ᠮᠡᠳᠡᠭᠦᠯᠦᠨ ᠵᠥᠪᠰᠢᠶᠡᠷᠡᠭᠦᠯᠬᠦ᠂ ᠣᠷᠴᠢᠨ ᠲᠣᠭᠤᠷᠢᠨ ᠤ ᠦᠨᠡᠯᠡᠯᠲᠡ᠂ ᠤᠰᠤᠨ ᠤ ᠬᠠᠮᠠᠭᠠᠯᠠᠯᠲᠠ᠂ ᠤᠰᠤ ᠲᠠᠲᠠᠬᠤ᠂ ᠲᠥᠯᠥᠪᠵᠢᠭᠦᠯᠭᠡ ᠶᠢᠨ ᠵᠥᠪᠰᠢᠶᠡᠷᠡᠯ᠂ ᠪᠠᠷᠢᠯᠭ᠎ᠠ ᠪᠠᠷᠢᠬᠤ ᠵᠥᠪᠰᠢᠶᠡᠷᠡᠯ ᠵᠡᠷᠭᠡ ᠭᠠᠷᠳᠠᠮ ᠢ ᠭᠦᠶᠴᠡᠳᠬᠡᠭᠰᠡᠨ ᠪᠠᠶᠢᠳᠠᠯ᠂ ᠪᠦᠬᠦᠯᠢ ᠴᠣᠭᠴᠠ ᠶᠢᠨ ᠳᠦᠷᠢ ᠲᠥᠷᠬᠦ ᠶᠢ ᠪᠡᠶᠡᠯᠡᠭᠦᠯᠦᠭᠰᠡᠨ ᠪᠠᠶᠢᠳᠠᠯ ᠢ ᠮᠥᠷᠳᠡᠵᠦ ᠪᠣᠯᠤᠨ᠎ᠠ  ᠃ ᠲᠦᠷᠦᠯ ᠵᠦᠢᠯ ᠤᠨ ᠪᠠᠷᠢᠯᠭ᠎ᠠ ᠪᠠᠷᠢᠬᠤ ᠴᠢᠬᠤᠯᠠ ᠨᠥᠬᠦᠴᠡᠯ ᠢ ᠡᠷᠲᠡᠬᠡᠨ ᠲᠡᠭᠦᠯᠳᠡᠷᠵᠢᠭᠦᠯᠬᠦ ᠶᠢ ᠠᠬᠢᠭᠤᠯᠵᠤ᠂ ᠦᠨᠡᠨ ᠬᠦ ᠪᠦᠲᠦᠮᠵᠢᠲᠡᠢ ᠪᠡᠯᠡ ᠣᠷᠣᠭᠤᠯᠤᠯᠲᠠ ᠶᠢ ᠪᠦᠷᠢᠯᠳᠦᠭᠦᠯᠦᠨ᠎ᠡ  ᠃      ᠬᠤᠷᠠᠯ ᠤᠨ ᠬᠤᠭᠤᠴᠠᠭᠠᠨ ᠳᠤ᠂ ᠬᠤᠷᠴᠠ ᠴᠢᠳᠠᠮᠠᠭᠠᠶ ᠬᠦᠴᠦᠨ ᠢ ᠵᠣᠬᠢᠶᠠᠨ ᠪᠠᠶᠢᠭᠤᠯᠵᠤ᠂ ᠲᠤᠰᠬᠠᠶ ᠪᠠᠶᠢᠭᠤᠯᠤᠮᠵᠢ ᠲᠠᠢ ᠵᠣᠯᠭᠠᠭᠤᠯᠤᠨ ᠨᠡᠪᠲᠡᠷᠡᠯᠴᠡᠭᠦᠯᠵᠦ᠂ ᠡᠵᠡᠨ ᠬᠤᠷᠤᠭ᠎ᠠ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠲᠣᠬᠢᠷᠠᠭᠤᠯᠤᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠶᠢ ᠶᠠᠷᠢᠯᠴᠠᠵᠤ᠂ ᠰᠢᠨ᠎ᠡ ᠪᠠᠷ ᠪᠠᠶᠢᠭᠤᠯᠬᠤ᠂ ᠦᠷᠭᠦᠯᠵᠢᠯᠡᠨ ᠪᠠᠶᠢᠭᠤᠯᠬᠤ ᠲᠥᠷᠥᠯ ᠵᠦᠶᠯ ᠤᠨ ᠲᠣᠬᠢᠷᠠᠭᠤᠯᠤᠯᠲᠠ ᠪᠠ ᠲᠤᠭ᠎ᠠ ᠪᠦᠷᠢᠳᠬᠡᠯ ᠤᠨ ᠴᠢᠳᠠᠮᠵᠢ ᠶᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠲᠥᠷᠥᠯ ᠵᠦᠶᠯ ᠤᠨ ᠬᠠᠪᠰᠤᠷᠤᠨ ᠭᠦᠶᠴᠡᠳᠬᠡᠬᠦ ᠣᠷᠣᠯᠠᠨ ᠭᠦᠶᠴᠡᠳᠬᠡᠬᠦ᠂ ᠬᠠᠮᠢᠶᠠᠷᠤᠯᠲᠠ ᠶᠢᠨ ᠰᠢᠰᠲ᠋ᠧᠮ ᠵᠢᠴᠢ ᠲᠥᠷᠥᠯ ᠵᠦᠶᠯ ᠤᠨ ᠲᠤᠰᠬᠠᠶ ᠠᠩᠭᠢ᠂ ᠠᠷᠠᠳ ᠎ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶᠯ᠂ ᠬᠡᠷᠡᠭᠴᠡᠭᠡ ᠪᠥᠬᠦᠶ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠬᠢᠭᠤᠯᠬᠤ ᠲᠥᠷᠥᠯ ᠵᠦᠶᠯ ᠵᠡᠷᠭᠡ ᠴᠢᠳᠠᠮᠵᠢ ᠶᠢ ᠥᠷᠭᠡᠳᠬᠡᠵᠦ᠂ ᠪᠠᠲᠤᠯᠠᠭ᠎ᠠ ᠶᠢᠨ ᠲᠠᠪᠴᠠᠩ ᠤᠨ ᠲᠤᠭ᠎ᠠ ᠪᠠᠷᠢᠮᠲᠠ ᠪᠠ ᠠᠭᠤᠯᠭ᠎ᠠ ᠨᠢ ᠨᠠᠩ ᠴᠠᠭ ᠲᠤᠬᠠᠶ ᠳᠤᠨᠢ᠂ ᠣᠨᠣᠪᠴᠢᠲᠠᠶ᠂ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ ᠪᠣᠯᠤᠭᠰᠠᠨ ᠰᠠᠭᠤᠷᠢᠨ ᠳᠡᠭᠡᠷ᠎ᠡ᠂ ᠲᠥᠷᠥᠯ ᠵᠦᠶᠯ ᠤᠨ ᠲᠤᠭ᠎ᠠ ᠪᠦᠷᠢᠳᠬᠡᠯ ᠪᠠ ᠲᠣᠬᠢᠷᠠᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号