ᠡᠵᠡᠨ ᠬᠤᠷᠤᠭ᠎ᠠ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭ᠎ᠠ ᠬᠢᠵᠦ ᠪᠠᠶᠢᠨ᠎ᠠ
ᠨᠡᠶᠢᠲᠡᠯᠡᠭᠰᠡᠨ ᠴᠠᠭ᠄
2022/8/31
     ᠵᠠᠬᠢᠳᠠᠯ ᠰᠤᠷᠪᠤᠯᠵᠢᠯᠠᠯ ᠤᠨ ᠠᠵᠢᠯ ᠪᠣᠯ ᠨᠠᠮ ᠤᠨ ᠣᠯᠠᠨ ᠲᠦᠮᠡᠨ ᠤ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠣᠯᠠᠨ ᠲᠦᠮᠡᠨ ᠳᠤ ᠦᠶᠯᠡᠴᠢᠯᠡᠬᠦ ᠡᠮᠦᠨ᠎ᠡ ᠹᠷᠣᠨᠲ ᠮᠥᠨ᠂ ᠪᠠᠰᠠ ᠴᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠠᠶᠢᠵᠢᠷᠠᠭᠤᠯᠬᠤ ᠴᠢᠬᠤᠯᠠ ᠭᠤᠭᠴᠤᠭ᠎ᠠ ᠮᠥᠨ  ᠃ ᠡᠵᠡᠨ ᠬᠤᠷᠤᠭ᠎ᠠ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠵᠠᠬᠢᠳᠠᠯ ᠰᠤᠷᠪᠤᠯᠵᠢᠯᠠᠯ ᠤᠨ ᠠᠵᠢᠯ ᠤᠨ ᠶᠡᠭᠡ ᠲᠠᠯ᠎ᠠ ᠳᠤ ᠠᠭᠤᠰᠤᠯᠴᠠᠭᠤᠯᠵᠤ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ᠃      ᠨᠢᠭᠡ ᠳᠤ᠂ ᠢᠯᠡ ᠲᠣᠳᠣ ᠵᠠᠬᠢᠳᠠᠯ  ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠭᠦᠶᠴᠡᠳ ᠠᠰᠢᠭᠯᠠᠨ ᠰᠦᠯᠵᠢᠶᠡᠨ ᠳᠡᠭᠡᠷᠡᠬᠢ ᠠᠷᠭ᠎ᠠ ᠵᠠᠮ ᠢ ᠰᠢᠯᠤᠭᠤᠳᠬᠠᠨ᠎ᠠ᠃      ᠬᠤᠶᠠᠷ ᠲᠤ᠂ ︽ᠳᠡᠯᠭᠡᠭᠦᠷ ᠤᠨ ᠠᠵᠢᠯᠯᠠᠭᠴᠢ︾᠎ ᠶᠢᠨ ᠦᠶᠯᠡᠴᠢᠯᠡᠭᠡᠨ ᠤ ᠵᠣᠷᠢᠭ ᠰᠠᠨᠠᠭ᠎ᠠ ᠶᠢ ᠭᠦᠶᠴᠡᠳ ᠪᠠᠳᠠᠷᠠᠭᠤᠯᠵᠤ ᠰᠦᠯᠵᠢᠶᠡᠨ ᠭᠠᠳᠠᠨᠠᠬᠢ ᠲᠡᠷᠢᠭᠦᠨ ᠤ ᠦᠶᠯᠡᠴᠢᠯᠡᠭᠡ ᠬᠠᠩᠭᠠᠨ᠎ᠠ᠃      ᠭᠤᠷᠪᠠ ᠳᠤ᠂ ᠵᠠᠬᠢᠳᠠᠯ ᠰᠤᠷᠪᠤᠯᠵᠢᠯᠠᠯ ᠤᠨ ᠲᠣᠪᠣᠶᠢᠮ᠎ᠠ ᠠᠰᠠᠭᠤᠳᠠᠯ ᠢ ᠰᠢᠶᠳᠪᠦᠷᠢᠯᠡᠬᠦ ᠶᠢ ᠦᠶᠯᠡᠴᠢᠯᠡᠭᠡᠨ ᠎ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠢ ᠭᠦᠶᠴᠡᠳ ᠤᠶᠠᠯᠳᠤᠭᠤᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号