| ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠲᠥᠪ ᠤᠨ ᠪᠠ ᠥᠪᠡᠷᠲᠡᠭᠡᠨ ᠵᠠᠰᠠᠬᠤ ᠣᠷᠣᠨ᠂ | ᠬᠤᠰᠢᠭᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ | ᠠᠵᠤ ᠠᠬᠤᠶ ᠶᠢᠨ ᠦᠶᠯᠡᠰ ᠤᠨ ᠬᠥᠭᠵᠢᠯᠲᠡ ᠶᠢᠨ ᠲᠥᠪ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ | ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠤᠬᠠᠭᠤᠯᠵᠤ ᠲᠤᠭᠤᠰᠢᠯᠠᠭᠤᠯᠬᠤ ᠪᠠᠷ ᠭᠤᠤᠯ ᠰᠢᠵᠢᠮ ᠪᠣᠯᠭᠠᠵᠤ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ | ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠪᠠᠷ ᠭᠤᠤᠯ ᠪᠣᠯᠭᠠᠵᠤ᠂ ᠣᠯᠠᠨ ᠠᠷᠭ᠎ᠠ ᠬᠡᠮᠵᠢᠶ᠎ᠡ ᠪᠠᠷ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠢ ᠠᠳᠬᠤᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠵᠢᠯ | ᠤᠨ ᠠᠷᠭ᠎ᠠ ᠬᠡᠮᠵᠢᠶ᠎ᠡ ᠨᠢᠭᠡᠪᠦᠷᠢ ᠶᠢ ᠪᠣᠳᠠᠲᠠᠶ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠵᠤ᠂ ᠺᠠᠳ᠋ᠷ ᠠᠵᠢᠯᠲᠠᠨ ᠤ | ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠪᠡ᠃ | ᠨᠢᠭᠡ ᠳᠤ᠂ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠎ᠠ᠃ | ᠬᠤᠶᠠᠷ ᠲᠤ᠂ ᠣᠨᠣᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠣᠨᠣᠯ ᠢᠶᠠᠷ ᠵᠡᠪᠰᠡᠭᠯᠡᠬᠦ ᠶᠢ ᠦᠨᠡᠨ ᠬᠦ | ᠪᠠᠲᠤᠯᠠᠨ᠎ᠠ᠃ | ᠭᠤᠷᠪᠠ ᠳᠤ᠂ ᠤᠬᠠᠭᠤᠯᠭ᠎ᠠ ᠶᠢᠨ ᠭᠤᠤᠯᠳᠠᠯᠭ᠎ᠠ ᠶᠢ ᠳᠣᠪᠣᠶᠢᠯᠭᠠᠵᠤ᠂ ᠺᠠᠳ᠋ᠷ ᠤᠨ ᠰᠢᠨ᠎ᠡ ᠳᠦᠷᠢ ᠲᠥᠷᠬᠦ ᠶᠢ | ᠪᠣᠶ ᠪᠣᠯᠭᠠᠨ᠎ᠠ᠃ | ᠳᠥᠷᠪᠡ ᠳᠤ᠂ ᠡᠯ᠎ᠡ ᠵᠦᠶᠯ ᠤᠨ ᠲᠦᠷᠢᠮ ᠲᠣᠭᠲᠠᠭᠠᠯ ᠢ ᠴᠢᠩᠭ᠎ᠠ ᠰᠠᠬᠢᠨ᠎ᠠ᠃ | ᠲᠠᠪᠤ ᠳᠤ᠂ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠶᠢ ᠴᠢᠬᠤᠯᠠᠴᠢᠯᠠᠨ᠎ᠠ᠃ |