ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠲᠤ ᠪᠠᠶᠢᠯᠳᠤᠨ ᠲᠠ ᠪᠢᠳᠠᠨ ᠤ ᠠᠮᠤᠷ ᠲᠦᠪᠰᠢᠨ ᠢ ᠪᠠᠲᠤ ᠰᠠᠬᠢᠨ᠎ᠠ
ᠨᠡᠶᠢᠲᠡᠯᠡᠭᠰᠡᠨ ᠴᠠᠭ᠄
2022/8/31
     ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠳᠤ ᠴᠢᠭᠯᠡᠭᠦᠯᠦᠨ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠥᠬᠦ ᠠᠷᠠᠳ ᠤᠨ ᠲᠤᠰᠠᠯᠠᠬᠤ ᠴᠠᠭᠳᠠᠭ᠎ᠠ ᠢᠮᠠᠭᠲᠠ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠪᠠᠶᠢᠯᠳᠤᠵᠤ ᠣᠯᠠᠨ ᠲᠦᠮᠡᠨ ᠳᠤ ᠦᠶᠯᠡᠴᠢᠯᠡᠵᠦ《 ᠬᠠᠮᠤᠭ ᠤᠨ ᠭᠤᠶᠣ ᠴᠠᠭᠳᠠᠭᠠᠨ ᠤ ᠥᠩᠭᠡ 》᠎ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ《 ᠲᠡᠮᠦᠷ ᠬᠡᠷᠡᠮ ᠲᠡᠮᠦᠷ ᠬᠠᠨ᠎ᠠ 》᠎ ᠶᠢᠨ ᠬᠠᠮᠤᠭ ᠤᠨ ᠴᠢᠩᠭ᠎ᠠ ᠰᠡᠷᠡᠮᠵᠢ ᠶᠢᠨ ᠵᠠᠷᠯᠢᠭ ᠤᠨ ᠬᠠᠮᠢᠶᠠᠷᠤᠯᠲᠠ ᠶᠢ ᠪᠠᠬᠢᠵᠢᠭᠦᠯᠵᠦ《 ᠬᠢᠵᠢᠭ ᠲᠠᠢ ᠲᠡᠮᠡᠴᠡᠬᠦ 》ᠨᠡᠶᠢᠯᠡᠮᠡᠯ ᠬᠦᠴᠦᠨ ᠢ ᠪᠦᠷᠢᠯᠳᠦᠭᠦᠯᠪᠡ  ᠃      ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠶᠢ ᠤᠯᠠᠮ ᠴᠢᠨᠠᠭᠰᠢᠳᠠ ᠴᠢᠩᠭᠠᠳᠬᠠᠵᠤ᠂《 ᠡᠯᠰᠡᠵᠦ ᠳᠡᠶᠢᠯᠬᠦ᠂ ᠠᠪᠴᠢᠷᠠᠵᠤ ᠳᠡᠶᠢᠯᠬᠦ 》ᠲᠡᠮᠤᠷ ᠮᠡᠲᠦ ᠴᠡᠷᠢᠭ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ 24 ᠴᠠᠭ ᠢᠶᠠᠷ ᠠᠵᠢᠯ ᠤᠨ ᠪᠠᠶᠢᠷᠢ ᠪᠠᠨ ᠪᠠᠲᠤ ᠰᠠᠬᠢᠨ᠎ᠠ  ᠃      ᠬᠠᠮᠤᠭ ᠤᠨ ᠰᠢᠯᠢᠳᠡᠭ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠨᠢ《 ᠬᠢᠵᠢᠭ ᠲᠠᠢ ᠲᠡᠮᠡᠴᠡᠬᠦ 》 ᠡᠮᠦᠨ᠎ᠡ ᠹᠷᠣᠨᠲ ᠢ ᠪᠠᠲᠤ ᠰᠠᠬᠢᠵᠤ᠂《 ᠭᠠᠳᠠᠨ᠎ᠠ ᠎ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ 》ᠠᠵᠢᠯ ᠤᠨ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠡᠵᠡᠮᠰᠢᠵᠦ᠂《 ᠬᠤᠶᠠᠷ ᠥᠷᠲᠡᠭᠡ ᠨᠢᠭᠡ ᠲᠠᠯᠠᠪᠤᠷ 》᠎ ᠤᠨ ᠨᠡᠪᠲᠡᠷᠡᠬᠦ ᠵᠠᠮ ᠢ ᠪᠠᠶᠢᠴᠠᠭᠠᠨ ᠡᠵᠡᠮᠳᠡᠬᠦ ᠠᠵᠢᠯ ᠢ ᠥᠷᠨᠢᠭᠦᠯᠵᠦ᠂ ᠵᠠᠯᠭᠠᠭ᠎ᠠ ᠪᠠᠷ 7 ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠬᠤ ᠥᠷᠲᠡᠭᠡ ᠶᠢ ᠡᠬᠢᠯᠡᠭᠦᠯᠵᠦ᠂ ᠲᠣᠪᠴᠢᠶ᠎ᠠ ᠶᠢᠨ ᠪᠠᠶᠢᠭᠤᠯᠭ᠎ᠠ ᠶᠢᠨ ᠴᠠᠭᠳᠠᠭᠠᠨ ᠤ ᠬᠦᠴᠦᠨ ᠢ ᠰᠢᠯᠵᠢᠭᠦᠯᠦᠨ ᠲᠣᠮᠢᠯᠠᠵᠤ ᠦᠷᠭᠦᠯᠵᠢᠯᠡᠨ ᠰᠠᠭᠤᠭ᠎ᠠ ᠭᠠᠵᠠᠷ ᠢ ᠲᠤᠰᠠᠯᠠᠵᠤ᠂ 24 ᠴᠠᠭ ᠤᠨ ᠳᠣᠲᠣᠷ᠎ᠠ ᠪᠠᠶᠢᠴᠠᠭᠠᠨ ᠡᠵᠡᠮᠳᠡᠬᠦ ᠠᠵᠢᠯ ᠢ ᠲᠠᠰᠤᠯᠳᠠᠯ ᠥᠬᠡᠶ ᠥᠷᠨᠢᠭᠦᠯᠵᠦ᠂ ᠣᠷᠳᠣᠰ ᠢ ᠲᠣᠭᠤᠷᠢᠭᠰᠠᠨ ᠬᠥᠮᠦᠰ ᠤᠨ ᠲᠡᠷᠭᠡ ᠬᠥᠰᠬᠡ ᠶᠢ ᠬᠠᠮᠢᠶᠠᠷᠤᠨ ᠡᠵᠡᠮᠳᠡᠬᠦ᠂ ᠲᠡᠷᠭᠡ ᠳᠠᠭᠠᠷᠠᠪᠠᠯ ᠵᠠᠪᠠᠯ ᠪᠠᠶᠢᠴᠠᠭᠠᠬᠤ᠂ ᠬᠥᠮᠦᠨ ᠳᠠᠭᠠᠷᠠᠪᠠᠯ ᠵᠠᠪᠠᠯ ᠪᠠᠶᠢᠴᠠᠭᠠᠬᠤ ᠳᠤ ᠣᠷᠣᠬᠤ ᠪᠣᠭᠤᠮᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ ᠂ ᠬᠢᠵᠢᠭ ᠢ ᠰᠡᠷᠭᠡᠶᠢᠯᠡᠬᠦ  ᠃ ᠣᠳᠣᠬᠠᠨ ᠪᠣᠯᠲᠠᠯ᠎ᠠ᠂ ᠴᠠᠭᠳᠠᠭᠠᠨ ᠤ ᠬᠦᠴᠦᠨ ᠢ ᠨᠡᠶᠢᠲᠡ 138 ᠬᠥᠮᠦᠨ ᠤᠳᠠᠭ᠎ᠠ ᠬᠥᠳᠡᠯᠭᠡᠵᠦ᠂ ᠨᠡᠶᠢᠲᠡ 11064 ᠲᠡᠷᠭᠡ ᠬᠥᠰᠬᠡ᠂ 13932 ᠬᠥᠮᠦᠨ ᠢ ᠬᠠᠷᠭᠤᠭᠤᠯᠤᠨ ᠪᠠᠶᠢᠴᠠᠭᠠᠵᠤ᠂ 378 ᠬᠥᠮᠦᠨ ᠢ ᠢᠳᠬᠠᠨ ᠪᠤᠴᠠᠭᠠᠯᠭᠠᠪᠠ  ᠃ ᠡᠭᠦᠨ ᠤ ᠬᠠᠮᠲᠤ 8 ᠲᠤᠰᠠᠭᠠᠷᠯᠠᠭᠰᠠᠨ ᠪᠠᠭᠤᠳᠠᠯ᠂ 7 ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠴᠡᠭ ᠵᠢᠴᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠴᠠᠭᠳᠠᠭᠠᠨ ᠤ ᠬᠦᠴᠦᠨ ᠢ ᠭᠦᠶᠴᠡᠳ ᠲᠣᠬᠢᠷᠠᠭᠤᠯᠤᠨ ᠲᠤᠬᠠᠶ ᠶᠢᠨ ᠲᠠᠯᠠᠪᠠᠶ ᠶᠢᠨ ᠡᠮᠬᠢ ᠳᠢᠭᠯᠢᠮ ᠤᠨ ᠬᠠᠮᠠᠭᠠᠯᠠᠯᠲᠠ ᠶᠢ ᠴᠢᠩᠭᠠᠳᠬᠠᠵᠤ᠂ ᠭᠡᠨᠡᠳᠲᠡ ᠶᠢᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠡᠯᠡᠳᠬᠡᠯ ᠢ ᠴᠠᠭ ᠲᠤᠬᠠᠶ ᠳᠤᠨᠢ ᠰᠠᠶᠢᠲᠤᠷ ᠬᠢᠪᠡ᠃      ᠬᠠᠮᠤᠭ ᠤᠨ ᠴᠢᠩᠭ᠎ᠠ ᠬᠠᠮᠲᠤᠷᠠᠭᠰᠠᠨ ᠵᠠᠭᠪᠤᠷ ᠢᠶᠠᠷ《 ᠬᠢᠵᠢᠭ ᠲᠠᠢ ᠲᠡᠮᠡᠴᠡᠬᠦ 》 ᠰᠡᠷᠭᠡᠶᠢᠯᠡᠯᠲᠡ ᠶᠢᠨ ᠱᠤᠭᠤᠮ ᠢ ᠨᠢᠭᠲᠠ  ᠪᠠᠶᠢᠭᠤᠯᠵᠤ᠂《 ᠨᠢᠭᠡ ᠲᠣᠰᠬᠤᠨ ᠳᠤ ᠨᠢᠭᠡ ᠴᠠᠭᠳᠠᠭ᠎ᠠ ᠨᠢᠭᠡ ᠲᠤᠰᠠᠯᠠᠬᠤ ᠴᠠᠭᠳᠠᠭ᠎ᠠ  》᠎ ᠶᠢᠨ ᠲᠣᠤᠷᠵᠢᠭᠤᠯᠤᠭᠰᠠᠨ ᠬᠠᠮᠢᠶᠠᠷᠤᠯᠲᠠ ᠶᠢᠨ ᠦᠶᠯᠡᠳᠦᠯ ᠳᠤ ᠲᠦᠰᠢᠭᠯᠡᠨ᠂ ᠪᠥᠬᠦ ᠬᠤᠰᠢᠭᠤᠨ ᠤ 138 ᠬᠥᠳᠡᠭᠡ ᠲᠣᠰᠬᠤᠨ ᠤ ᠲᠣᠤᠷᠵᠢᠯ᠂ 23 ᠨᠡᠶᠢᠭᠡᠮ ᠲᠣᠭᠤᠷᠢᠭ ᠤᠨ ᠲᠣᠤᠷᠵᠢᠯ ᠵᠢᠴᠢ 1297 ᠰᠢᠬᠠᠮ ᠲᠣᠤᠷᠵᠢᠯ ᠤᠨ ᠠᠵᠢᠯᠲᠠᠨ ᠢ ᠠᠰᠢᠭᠯᠠᠵᠤ᠂《 ᠠᠷᠠᠳ ᠤᠨ ᠲᠤᠰᠠᠯᠠᠬᠤ ᠴᠠᠭᠳᠠᠭ᠎ᠠ + ᠲᠣᠤᠷᠵᠢᠭᠰᠠᠨ ᠴᠠᠭᠳᠠᠭ᠎ᠠ》᠎ ᠶᠢᠨ ᠲᠣᠤᠷᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠲᠤᠷᠠᠭᠰᠠᠨ ᠵᠠᠭᠪᠤᠷ ᠢ ᠦᠳᠲᠡᠷ ᠲᠦᠷᠭᠡᠨ ᠪᠦᠷᠢᠯᠳᠦᠭᠦᠯᠵᠦ᠂ ᠰᠡᠷᠭᠡᠶᠢᠯᠡᠨ ᠡᠵᠡᠮᠳᠡᠬᠦ ᠬᠦᠴᠦᠨ ᠢ ᠲᠣᠰᠬᠤᠨ ( ᠨᠡᠶᠢᠭᠡᠮ ᠲᠣᠭᠤᠷᠢᠭ )᠎ ᠳᠤ ᠪᠠᠭᠤᠯᠭᠠᠬᠤ ᠶᠢ ᠪᠦᠲᠦᠮᠵᠢᠲᠡᠶ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷᠵᠢᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠤᠭ᠎ᠠ ᠪᠠᠷᠢᠮᠲᠠ ᠶᠢ ᠴᠡᠪᠡᠷᠯᠡᠬᠦ ᠪᠠ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠣᠨᠣᠪᠴᠢᠲᠠᠶ ᠰᠠᠶᠢᠲᠤᠷ ᠬᠢᠵᠦ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠃ ᠡᠭᠦᠨ ᠤ ᠬᠠᠮᠲᠤ᠂ ᠲᠦᠷᠭᠡᠨ ᠬᠦᠷᠭᠡᠯᠲᠡ ᠶᠢᠨ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠰᠠᠬᠢᠵᠤ᠂ ᠵᠣᠴᠢᠳ ᠤᠨ ᠪᠠᠭᠤᠳᠠᠯ᠂ ᠵᠤᠭ᠎ᠠ ᠴᠡᠩᠭᠡᠯ ᠤᠨ ᠲᠠᠯᠠᠪᠤᠷ ᠭᠠᠵᠠᠷ᠂ ᠤᠬᠢᠶᠠᠯᠭ᠎ᠠ ᠶᠢᠨ ᠭᠠᠵᠠᠷ ᠵᠡᠷᠭᠡ ᠠᠵᠢᠯ ᠲᠥᠷᠥᠯ ᠤᠨ ᠲᠠᠯᠠᠪᠤᠷ ᠤᠨ ᠦᠨᠡᠨ ᠨᠡᠷ᠎ᠡ ᠶᠢᠨ ᠲᠦᠷᠢᠮ ᠢᠶᠠᠷ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠭᠠᠵᠠᠷ᠂ ᠭᠤᠤᠯᠳᠠᠯᠭ᠎ᠠ ᠲᠠᠢ ᠵᠠᠮ ᠤᠨ ᠬᠡᠰᠡᠭ ᠲᠤ ᠲᠣᠭᠲᠠᠭᠰᠠᠨ ᠴᠡᠭ ᠢᠶᠠᠷ ᠵᠢᠵᠢᠭᠦᠷᠯᠡᠨ ᠰᠠᠬᠢᠬᠤ ᠪᠠ ᠨᠡᠶᠢᠭᠡᠮ ᠤᠨ ᠲᠠᠯ᠎ᠠ ᠎ ᠪᠠᠷ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠪᠥᠬᠦ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠢᠮᠠᠭᠳᠠ ᠪᠠᠳᠤᠯᠠᠵᠤ ᠪᠤᠢ᠃
ᠢᠷᠡᠯᠲᠡ᠄ ᠲᠤᠰ ᠰᠦᠯᠵᠢᠶ᠎ᠡ