ᠡᠵᠡᠨ ᠬᠤᠷᠤᠭ᠎ᠠ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠭᠤᠤᠯᠳᠠᠯᠭ᠎ᠠ ᠲᠠᠢ ᠲᠥᠷᠥᠯ ᠵᠦᠶᠯ ᠤᠨ ᠲᠣᠬᠢᠷᠠᠭᠤᠯᠤᠯᠲᠠ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/31
     ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠲᠥᠷᠥᠯ ᠵᠦᠶᠯ ᠤᠨ 《 ᠵᠠᠭᠤᠨ ᠡᠳᠦᠷ ᠤᠨ ᠬᠠᠮᠲᠤᠷᠠᠭᠰᠠᠨ ᠳᠠᠶᠢᠯᠠᠯᠳᠤᠭᠠᠨ 》᠎ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠭᠤᠤᠯᠳᠠᠯᠭ᠎ᠠ ᠲᠠᠢ ᠲᠥᠷᠥᠯ ᠵᠦᠶᠯ ᠢ ᠲᠣᠬᠢᠷᠠᠭᠤᠯᠤᠨ ᠬᠠᠮᠢᠶᠠᠷᠬᠤ ᠰᠢᠰᠲ᠋ᠧᠮ ᠤᠨ ᠪᠠᠶᠢᠭᠤᠯᠤᠯᠲᠠ ᠶᠢᠨ ᠰᠣᠳᠣᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠠᠮ ᠤᠨ ᠬᠤᠷᠢᠶᠠᠨ ᠤ ᠳᠣᠲᠣᠭᠠᠳᠤ ᠶᠢᠨ ᠡᠯ᠎ᠡ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠬᠠᠮᠢᠶ᠎ᠠ ᠪᠥᠬᠦᠶ ᠲᠠᠰᠤᠭ ᠤᠨ ᠠᠵᠢᠯᠲᠠᠨ ᠬᠤᠷᠠᠯ ᠳᠤ ᠣᠷᠣᠯᠴᠠᠪᠠ  ᠃      ᠲᠣᠰ ᠰᠢᠰᠲ᠋ᠧᠮ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠺᠣᠮᠫᠢᠦ᠋ᠲ᠋ᠧᠷ ᠪᠠ ᠭᠠᠷ ᠤᠲᠠᠰᠤ ᠪᠠᠷ ᠮᠠᠨ ᠤ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠠᠬᠢᠴᠠ ᠶᠢᠨ ᠪᠠᠶᠢᠳᠠᠯ ᠢ ᠣᠶᠢᠯᠠᠭᠠᠵᠤ᠂ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠲᠥᠷᠥᠯ ᠵᠦᠶᠯ ᠲᠣᠭᠲᠠᠭᠠᠬᠤ᠂ ᠡᠨᠧᠷᠭᠢ ᠠᠷᠪᠢᠯᠠᠬᠤ᠂ ᠭᠠᠵᠠᠷ ᠰᠢᠷᠣᠶ ᠶᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ᠂ ᠭᠠᠵᠠᠷ ᠰᠢᠷᠣᠶ ᠮᠡᠳᠡᠭᠦᠯᠦᠨ ᠵᠥᠪᠰᠢᠶᠡᠷᠡᠭᠦᠯᠬᠦ᠂ ᠣᠶ ᠰᠢᠭᠤᠶ ᠨᠤᠲᠤᠭ ᠪᠡᠯᠴᠢᠭᠡᠷ ᠢ ᠮᠡᠳᠡᠭᠦᠯᠦᠨ ᠵᠥᠪᠰᠢᠶᠡᠷᠡᠭᠦᠯᠬᠦ᠂ ᠣᠷᠴᠢᠨ ᠲᠣᠭᠤᠷᠢᠨ ᠤ ᠦᠨᠡᠯᠡᠯᠲᠡ᠂ ᠤᠰᠤᠨ ᠤ ᠬᠠᠮᠠᠭᠠᠯᠠᠯᠲᠠ᠂ ᠤᠰᠤ ᠲᠠᠲᠠᠬᠤ᠂ ᠲᠥᠯᠥᠪᠵᠢᠭᠦᠯᠭᠡ ᠶᠢᠨ ᠵᠥᠪᠰᠢᠶᠡᠷᠡᠯ᠂ ᠪᠠᠷᠢᠯᠭ᠎ᠠ ᠪᠠᠷᠢᠬᠤ ᠵᠥᠪᠰᠢᠶᠡᠷᠡᠯ ᠵᠡᠷᠭᠡ ᠭᠠᠷᠳᠠᠮ ᠢ ᠭᠦᠶᠴᠡᠳᠬᠡᠭᠰᠡᠨ ᠪᠠᠶᠢᠳᠠᠯ᠂ ᠪᠦᠬᠦᠯᠢ ᠴᠣᠭᠴᠠ ᠶᠢᠨ ᠳᠦᠷᠢ ᠲᠥᠷᠬᠦ ᠶᠢ ᠪᠡᠶᠡᠯᠡᠭᠦᠯᠦᠭᠰᠡᠨ ᠪᠠᠶᠢᠳᠠᠯ ᠢ ᠮᠥᠷᠳᠡᠵᠦ ᠪᠣᠯᠤᠨ᠎ᠠ  ᠃ ᠲᠦᠷᠦᠯ ᠵᠦᠢᠯ ᠤᠨ ᠪᠠᠷᠢᠯᠭ᠎ᠠ ᠪᠠᠷᠢᠬᠤ ᠴᠢᠬᠤᠯᠠ ᠨᠥᠬᠦᠴᠡᠯ ᠢ ᠡᠷᠲᠡᠬᠡᠨ ᠲᠡᠭᠦᠯᠳᠡᠷᠵᠢᠭᠦᠯᠬᠦ ᠶᠢ ᠠᠬᠢᠭᠤᠯᠵᠤ᠂ ᠦᠨᠡᠨ ᠬᠦ ᠪᠦᠲᠦᠮᠵᠢᠲᠡᠢ ᠪᠡᠯᠡ ᠣᠷᠣᠭᠤᠯᠤᠯᠲᠠ ᠶᠢ ᠪᠦᠷᠢᠯᠳᠦᠭᠦᠯᠦᠨ᠎ᠡ  ᠃      ᠬᠤᠷᠠᠯ ᠤᠨ ᠬᠤᠭᠤᠴᠠᠭᠠᠨ ᠳᠤ᠂ ᠬᠤᠷᠴᠠ ᠴᠢᠳᠠᠮᠠᠭᠠᠶ ᠬᠦᠴᠦᠨ ᠢ ᠵᠣᠬᠢᠶᠠᠨ ᠪᠠᠶᠢᠭᠤᠯᠵᠤ᠂ ᠲᠤᠰᠬᠠᠶ ᠪᠠᠶᠢᠭᠤᠯᠤᠮᠵᠢ ᠲᠠᠢ ᠵᠣᠯᠭᠠᠭᠤᠯᠤᠨ ᠨᠡᠪᠲᠡᠷᠡᠯᠴᠡᠭᠦᠯᠵᠦ᠂ ᠡᠵᠡᠨ ᠬᠤᠷᠤᠭ᠎ᠠ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠲᠣᠬᠢᠷᠠᠭᠤᠯᠤᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠎ ᠶᠢ ᠶᠠᠷᠢᠯᠴᠠᠵᠤ᠂ ᠰᠢᠨ᠎ᠡ ᠪᠠᠷ ᠪᠠᠶᠢᠭᠤᠯᠬᠤ᠂ ᠦᠷᠭᠦᠯᠵᠢᠯᠡᠨ ᠪᠠᠶᠢᠭᠤᠯᠬᠤ ᠲᠥᠷᠥᠯ ᠵᠦᠶᠯ ᠤᠨ ᠲᠣᠬᠢᠷᠠᠭᠤᠯᠤᠯᠲᠠ ᠪᠠ ᠲᠤᠭ᠎ᠠ ᠪᠦᠷᠢᠳᠬᠡᠯ ᠤᠨ ᠴᠢᠳᠠᠮᠵᠢ ᠶᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠲᠥᠷᠥᠯ ᠵᠦᠶᠯ ᠤᠨ ᠬᠠᠪᠰᠤᠷᠤᠨ ᠭᠦᠶᠴᠡᠳᠬᠡᠬᠦ ᠣᠷᠣᠯᠠᠨ ᠭᠦᠶᠴᠡᠳᠬᠡᠬᠦ᠂ ᠬᠠᠮᠢᠶᠠᠷᠤᠯᠲᠠ ᠶᠢᠨ ᠰᠢᠰᠲ᠋ᠧᠮ ᠵᠢᠴᠢ ᠲᠥᠷᠥᠯ ᠵᠦᠶᠯ ᠤᠨ ᠲᠤᠰᠬᠠᠶ ᠠᠩᠭᠢ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶᠯ᠂ ᠬᠡᠷᠡᠭᠴᠡᠭᠡ ᠪᠥᠬᠦᠶ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠬᠢᠭᠤᠯᠬᠤ ᠲᠥᠷᠥᠯ ᠵᠦᠶᠯ ᠵᠡᠷᠭᠡ ᠴᠢᠳᠠᠮᠵᠢ ᠶᠢ ᠥᠷᠭᠡᠳᠬᠡᠵᠦ ᠂ ᠪᠠᠲᠤᠯᠠᠭ᠎ᠠ ᠶᠢᠨ ᠲᠠᠪᠴᠠᠩ ᠤᠨ ᠲᠤᠭ᠎ᠠ ᠪᠠᠷᠢᠮᠲᠠ ᠪᠠ ᠠᠭᠤᠯᠭ᠎ᠠ ᠨᠢ ᠨᠠᠩ ᠴᠠᠭ ᠲᠤᠬᠠᠶ ᠳᠤᠨᠢ᠂ ᠣᠨᠣᠪᠴᠢᠲᠠᠶ᠂ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ ᠪᠣᠯᠤᠭᠰᠠᠨ ᠰᠠᠭᠤᠷᠢᠨ ᠳᠡᠭᠡᠷ᠎ᠡ᠂ ᠲᠥᠷᠥᠯ ᠵᠦᠶᠯ ᠤᠨ ᠲᠤᠭ᠎ᠠ ᠪᠦᠷᠢᠳᠬᠡᠯ ᠪᠠ ᠲᠣᠬᠢᠷᠠᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ  ᠃
ᠢᠷᠡᠯᠲᠡ᠄ ᠲᠤᠰ ᠰᠦᠯᠵᠢᠶ᠎ᠡ