ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠦᠶᠯᠡᠰ ᠤᠨ ᠬᠥᠭᠵᠢᠯᠲᠡ ᠶᠢᠨ ᠲᠥᠪ ᠣᠯᠠᠨ ᠵᠦᠶᠯ ᠤᠨ ᠠᠷᠭ᠎ᠠ ᠬᠡᠮᠵᠢᠶ᠎ᠡ ᠪᠠᠷ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠠᠳᠬᠤᠵᠤ ᠺᠠᠳ᠋ᠷ ᠠᠵᠢᠯᠲᠠᠨ ᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠪᠡ
ᠨᠡᠶᠢᠲᠡᠯᠡᠭᠰᠡᠨ ᠴᠠᠭ᠄
2022/8/31
       ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠬᠤᠰᠢᠭᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠦᠶᠯᠡᠰ ᠤᠨ ᠬᠥᠭᠵᠢᠯᠲᠡ ᠶᠢᠨ ᠲᠥᠪ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠᠷ ᠭᠤᠤᠯ ᠰᠢᠵᠢᠮ ᠪᠣᠯᠭᠠᠵᠤ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠪᠠᠷ ᠭᠤᠤᠯ ᠪᠣᠯᠭᠠᠵᠤ᠂ ᠣᠯᠠᠨ ᠠᠷᠭ᠎ᠠ ᠬᠡᠮᠵᠢᠶ᠎ᠡ ᠪᠠᠷ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠠᠳᠬᠤᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠵᠢᠯ ᠤᠨ ᠠᠷᠭ᠎ᠠ ᠬᠡᠮᠵᠢᠶ᠎ᠡ ᠨᠢᠭᠡᠪᠦᠷᠢ ᠶᠢ ᠪᠣᠳᠠᠲᠠᠶ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠵᠤ᠂ ᠺᠠᠳ᠋ᠷ ᠠᠵᠢᠯᠲᠠᠨ ᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠪᠡ᠃      ᠨᠢᠭᠡ ᠳᠤ᠂ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠎ᠠ᠃      ᠬᠤᠶᠠᠷ ᠲᠤ᠂ ᠣᠨᠣᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠣᠨᠣᠯ ᠢᠶᠠᠷ ᠵᠡᠪᠰᠡᠭᠯᠡᠬᠦ ᠶᠢ ᠦᠨᠡᠨ ᠬᠦ ᠪᠠᠲᠤᠯᠠᠨ᠎ᠠ᠃      ᠭᠤᠷᠪᠠ ᠳᠤ᠂ ᠤᠬᠠᠭᠤᠯᠭ᠎ᠠ ᠶᠢᠨ ᠭᠤᠤᠯᠳᠠᠯᠭ᠎ᠠ ᠶᠢ ᠳᠣᠪᠣᠶᠢᠯᠭᠠᠵᠤ᠂ ᠺᠠᠳ᠋ᠷ ᠤᠨ ᠰᠢᠨ᠎ᠡ ᠳᠦᠷᠢ ᠲᠥᠷᠬᠦ ᠶᠢ ᠪᠣᠶ ᠪᠣᠯᠭᠠᠨ᠎ᠠ᠃        ᠳᠥᠷᠪᠡ ᠳᠤ᠂ ᠡᠯ᠎ᠡ ᠵᠦᠶᠯ ᠤᠨ ᠲᠦᠷᠢᠮ ᠲᠣᠭᠲᠠᠭᠠᠯ ᠢ ᠴᠢᠩᠭ᠎ᠠ ᠰᠠᠬᠢᠨ᠎ᠠ᠃      ᠲᠠᠪᠤ ᠳᠤ᠂ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠶᠢ ᠴᠢᠬᠤᠯᠠᠴᠢᠯᠠᠨ᠎ᠠ᠃
ᠢᠷᠡᠯᠲᠡ᠄ ᠲᠤᠰ ᠰᠦᠯᠵᠢᠶ᠎ᠡ