ᠡᠵᠡᠨ ᠬᠤᠷᠤᠭ᠎ᠠ ᠬᠤᠰᠢᠭᠤᠨ ᠤ ᠡᠨᠧᠷᠭᠢ ᠶᠢᠨ ᠲᠣᠪᠴᠢᠶ᠎ᠠ ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠤᠨ ᠪᠠᠷᠢᠮᠵᠢᠶᠠᠵᠢᠭᠤᠯᠤᠨ ᠲᠠᠰ ᠳᠡᠪᠰᠢᠭᠦᠯᠬᠦ ᠎ ᠶᠢ ᠯᠠᠪᠳᠠᠭᠤᠨ ᠪᠠᠲᠤᠲᠠᠶ ᠠᠬᠢᠭᠤᠯᠪᠠ
ᠨᠡᠶᠢᠲᠡᠯᠡᠭᠰᠡᠨ ᠴᠠᠭ᠄
2022/8/31
       ᠡᠵᠡᠨ ᠬᠤᠷᠤᠭ᠎ᠠ ᠬᠤᠰᠢᠭᠤᠨ ᠤ ᠡᠨᠧᠷᠭᠢ ᠶᠢᠨ ᠲᠣᠪᠴᠢᠶ᠎ᠠ ᠠᠶᠤᠯᠭᠦᠶ ᠦᠶᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢ ᠢᠮᠠᠭᠲᠠ ᠨᠡᠭᠦᠷᠡᠰᠦᠨ ᠠᠭᠤᠷᠬᠠᠶ ᠶᠢᠨ ᠠᠶᠤᠯᠭᠦᠶ ᠦᠶᠯᠡᠳᠪᠦᠷᠢᠯᠡᠯ ᠤᠨ ᠰᠠᠭᠤᠷᠢ ᠢᠨᠵᠧᠨᠧᠷᠢᠩ ᠪᠣᠯᠭᠠᠵᠤ᠂ ᠰᠤᠷᠤᠯᠴᠠᠬᠤ ᠬᠡᠷᠡᠭᠯᠡᠬᠦ ᠪᠠᠷᠢᠮᠵᠢᠶ᠎ᠠ ᠶᠢ ᠳᠡᠭᠡᠭᠰᠢᠯᠡᠭᠦᠯᠬᠦ ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠬᠡᠪ ᠳᠠᠭᠤᠷᠢᠶᠠᠯ ᠢ ᠰᠠᠶᠢᠲᠤᠷ ᠬᠢᠵᠦ᠂ ᠬᠠᠮᠢᠶᠠᠷᠤᠯᠲᠠ ᠪᠠᠨ ᠲᠡᠭᠦᠯᠳᠡᠷᠵᠢᠭᠦᠯᠦᠨ ᠲᠠᠰ ᠳᠡᠪᠰᠢᠬᠦ ᠶᠢ ᠠᠬᠢᠭᠤᠯᠬᠤ 《 ᠬᠠᠮ ᠠᠷᠭ᠎ᠠ 》᠎ ᠶᠢ ᠲᠡᠭᠦᠯᠳᠡᠷᠵᠢᠭᠦᠯᠵᠦ᠂ ᠠᠶᠤᠯᠭᠦᠶ ᠦᠶᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠲᠦᠪᠰᠢᠨ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠪᠠ  ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠤ ᠨᠢᠭᠡᠳᠦᠭᠡᠷ ᠳᠡᠰ ᠤᠨ ᠪᠠᠷᠢᠮᠵᠢᠶ᠎ᠠ ᠳᠤ ᠭᠦᠷᠦᠭᠰᠡᠨ ᠨᠡᠭᠦᠷᠡᠰᠦᠨ ᠠᠭᠤᠷᠬᠠᠶ ᠨᠡᠶᠢᠲᠡ 14᠂ ᠬᠤᠶᠠᠳᠤᠭᠠᠷ ᠳᠡᠰ ᠤᠨ 25᠂ ᠭᠤᠷᠪᠠᠳᠤᠭᠠᠷ ᠳᠡᠰ ᠤᠨ 3 ᠪᠠᠶᠢᠵᠤ᠂ ᠨᠢᠭᠡᠳᠦᠭᠡᠷ ᠬᠤᠶᠠᠳᠤᠭᠠᠷ ᠳᠡᠰ ᠤᠨ ᠪᠠᠷᠢᠮᠵᠢᠶ᠎ᠠ ᠳᠤ ᠭᠦᠷᠦᠭᠰᠡᠨ ᠨᠡᠭᠦᠷᠡᠰᠦᠨ ᠠᠭᠤᠷᠬᠠᠶ ᠨᠢ ᠬᠡᠪ ᠤᠨ ᠦᠶᠯᠡᠳᠪᠦᠷᠢᠯᠡᠭᠰᠡᠨ ᠨᠡᠭᠦᠷᠡᠰᠦᠨ ᠠᠭᠤᠷᠬᠠᠶ ᠶᠢᠨ ᠶᠡᠷᠦᠩᠬᠡᠶ ᠲᠣᠭᠠᠨ ᠤ 92 . 85 %᠎ ᠶᠢ ᠡᠵᠡᠯᠡᠵᠦ ᠪᠠᠶᠢᠨ᠎ᠠ  ᠃      ᠨᠢᠭᠡ ᠳᠤ᠂ ᠰᠤᠷᠤᠯᠴᠠᠬᠤ ᠪᠠ ᠬᠡᠷᠡᠭᠯᠡᠬᠦ ᠪᠠᠷᠢᠮᠵᠢᠶ᠎ᠠ ᠶᠢ ᠬᠡᠪ ᠴᠢᠨᠠᠷ ᠢ ᠳᠡᠭᠡᠭᠰᠢᠯᠡᠭᠦᠯᠦᠨ᠎ᠡ  ᠃ ᠬᠤᠶᠠᠷ ᠲᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠬᠡᠪ ᠳᠠᠭᠤᠷᠢᠶᠠᠯ ᠦᠵᠡᠭᠦᠯᠬᠦ ᠬᠡᠷᠡᠭᠲᠡᠶ  ᠃ ᠭᠤᠷᠪᠠ ᠳᠤ  ᠂ ᠬᠠᠮᠢᠶᠠᠷᠤᠯᠲᠠ ᠶᠢ ᠲᠡᠭᠦᠯᠳᠡᠷᠵᠢᠭᠦᠯᠦᠨ ᠲᠠᠩᠰᠠ ᠡᠪᠬᠡᠮᠡᠯ ᠢ ᠳᠡᠭᠡᠭᠰᠢᠯᠡᠭᠦᠯᠬᠦ ᠶᠢ ᠠᠬᠢᠭᠤᠯᠤᠨ᠎ᠠ  ᠃  
ᠢᠷᠡᠯᠲᠡ᠄ ᠲᠤᠰ ᠰᠦᠯᠵᠢᠶ᠎ᠡ