ᠠᠷᠢᠭᠤᠳᠬᠠᠯ ᠤᠨ ᠰᠢᠩᠭᠡᠨ ᠢ ᠵᠥᠪ ᠬᠡᠷᠡᠭᠯᠡᠭᠡᠷᠡᠢ
ᠨᠡᠶᠢᠲᠡᠯᠡᠭᠰᠡᠨ ᠴᠠᠭ᠄
2022/8/31
     1. ᠡᠾᠧᠯᠤᠷ ᠠᠭᠤᠯᠤᠭᠳᠠᠬᠤ ᠠᠷᠢᠭᠤᠳᠬᠠᠯ ᠤᠨ ᠰᠢᠩᠭᠡᠨ ᠢᠶᠠᠷ ᠫᠢᠯᠠ ᠰᠠᠪᠠ ᠪᠠ ᠵᠢᠮᠢᠰ ᠵᠡᠷᠭᠡ ᠶᠢ ᠠᠷᠢᠭᠤᠳᠬᠠᠵᠤ ᠪᠣᠯᠣᠨ᠎ᠠ᠃       2. ᠡᠾᠧᠯᠤᠷ ᠤᠨ ᠳᠠᠪᠬᠤᠷ ᠢᠰᠦᠯ ᠠᠭᠤᠯᠤᠭᠳᠠᠬᠤ ᠠᠷᠢᠭᠤᠳᠬᠠᠯ ᠤᠨ ᠰᠢᠩᠭᠡᠨ ᠢᠶᠠᠷ ᠪᠣᠳᠠᠰ ᠤᠨ ᠭᠠᠳᠠᠷᠭᠤ ᠪᠠ ᠤᠰᠤ᠂ ᠠᠭᠠᠷ ᠵᠡᠷᠭᠡ ᠶᠢ ᠠᠷᠢᠭᠤᠳᠬᠠᠵᠤ ᠪᠣᠯᠣᠨ᠎ᠠ᠃ ᠡᠶᠢᠮᠦᠷᠬᠦ ᠠᠷᠢᠭᠤᠳᠬᠠᠯ ᠤᠨ ᠰᠢᠩᠭᠡᠨ ᠨᠢ ᠴᠠᠶᠢᠷᠠᠭᠤᠯᠬᠤ ᠦᠢᠯᠡᠳᠦᠯ ᠲᠠᠢ᠂ ᠲᠡᠭᠦᠨ ᠢᠶᠠᠷ ᠲᠡᠮᠦᠷᠯᠢᠭ ᠡᠳ᠋ ᠢ ᠠᠷᠢᠭᠤᠳᠬᠠᠵᠤ ᠪᠣᠯᠬᠤ ᠦᠭᠡᠢ᠂ ᠠᠷᠢᠭᠤᠳᠬᠠᠬᠤ ᠦᠶ᠎ᠡ ᠳᠡᠭᠡᠨ ᠡᠷᠬᠡᠪᠰᠢ ᠪᠡᠭᠡᠯᠡᠢ ᠵᠡᠬᠦᠬᠦ ᠬᠡᠷᠡᠭᠲᠡᠢ ᠪᠥᠭᠡᠳ ᠪᠤᠰᠤᠳ ᠠᠷᠢᠭᠤᠳᠬᠠᠯ ᠤᠨ ᠰᠢᠩᠭᠡᠨ ᠲᠠᠢ ᠬᠠᠮᠲᠤ ᠬᠡᠷᠡᠭᠯᠡᠵᠦ ᠪᠤᠯᠬᠤ ᠦᠭᠡᠢ      3. ᠠᠯᠺᠦᠥᠯ ᠤᠨ ᠲᠦᠷᠦᠯ ᠤᠨ ᠠᠷᠢᠭᠤᠳᠬᠠᠯ ᠤᠨ ᠰᠢᠩᠭᠡᠨ ᠢᠶᠠᠷ ᠠᠷᠠᠰᠤ ᠮᠢᠬ᠎ᠠ ᠪᠠ ᠪᠣᠳᠠᠰ ᠤᠨ ᠭᠠᠳᠠᠷᠭᠤ ᠶᠢ ᠠᠷᠢᠭᠤᠳᠬᠠᠵᠤ ᠪᠣᠯᠣᠨ᠎ᠠ᠂ ᠠᠮᠠᠷᠬᠠᠨ ᠰᠢᠲᠠᠬᠤ ᠤᠴᠢᠷ ᠠᠴᠠ ᠠᠭᠠᠷ ᠪᠤᠶᠤ ᠲᠤᠰᠤᠨ ᠤ ᠵᠦᠢᠯ ᠳᠤ ᠠᠭᠤᠰᠬᠤ ᠪᠣᠳᠠᠰ ᠢ ᠠᠷᠢᠭᠤᠳᠬᠠᠵᠤ ᠪᠤᠯᠬᠤ ᠦᠭᠡᠢ᠃       4. ᠡᠩ ᠤᠨ ᠠᠷᠢᠭᠤᠳᠬᠠᠯ ᠤᠨ ᠰᠢᠩᠭᠡᠨ ᠢᠶᠠᠷ ᠣᠷᠴᠢᠨ ᠲᠣᠭᠤᠷᠢᠨ᠂ ᠪᠣᠳᠠᠰ ᠤᠨ ᠭᠠᠳᠠᠷᠭᠤ ᠵᠡᠷᠭᠡ ᠶᠢ ᠠᠷᠢᠭᠤᠳᠬᠠᠵᠤ ᠪᠤᠯᠬᠤ ᠮᠥᠷᠲᠡᠭᠡᠨ ᠭᠠᠷ ᠢᠶᠠᠨ ᠴᠤ ᠠᠷᠢᠭᠤᠳᠬᠠᠵᠤ ᠪᠣᠯᠣᠨ᠎ᠠ᠃      5. ᠹᠡᠯᠤᠷ ᠠᠭᠤᠯᠤᠭᠳᠠᠬᠤ ᠠᠷᠢᠭᠤᠳᠬᠠᠯ ᠤᠨ ᠰᠢᠩᠭᠡᠨ ᠢᠶᠠᠷ ᠡᠩ ᠤᠨ ᠪᠣᠳᠠᠰ ᠤᠨ ᠭᠠᠳᠠᠷᠭᠤ ᠶᠢ ᠠᠷᠢᠭᠤᠳᠬᠠᠨ᠎ᠠ᠂ ᠭᠠᠷ᠂ ᠠᠷᠠᠰᠤᠨ ᠤ ᠰᠠᠯᠢᠰᠤᠲᠤ ᠪᠦᠷᠬᠦᠪᠴᠢ᠂ ᠠᠭᠠᠷ ᠵᠡᠷᠭᠡ ᠶᠢ ᠠᠷᠢᠭᠤᠳᠬᠠᠵᠤ ᠪᠤᠯᠬᠤ ᠦᠭᠡᠢ᠂ ᠠᠮᠠᠷᠬᠠᠨ ᠰᠢᠲᠠᠬᠤ ᠪᠣᠳᠠᠰ ᠪᠠ ᠭᠠᠯ ᠠᠴᠠ ᠵᠠᠶᠢᠳᠠᠭᠤ ᠪᠠᠶᠢᠯᠭᠠᠵᠤ᠂ ᠬᠥᠮᠥᠨ ᠤ ᠪᠡᠶ᠎ᠡ ᠲᠠᠢ ᠬᠦᠷᠦᠯᠴᠡᠬᠦ ᠶᠢ ᠰᠡᠷᠭᠡᠶᠢᠯᠡᠨ᠎ᠡ᠂ ᠠᠷᠢᠭᠤᠳᠬᠠᠬᠤ ᠳᠠᠭᠠᠨ ᠨᠢᠳᠦ ᠬᠠᠮᠠᠭᠠᠯᠠᠬᠤ ᠰᠢᠯ ᠪᠠ ᠪᠡᠭᠡᠯᠢ ᠵᠡᠷᠭᠡ ᠶᠢ ᠵᠡᠭᠦᠬᠦ ᠬᠡᠷᠡᠭᠲᠡᠢ᠃
ᠢᠷᠡᠯᠲᠡ᠄ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ