ᠬᠤᠪᠢ ᠬᠥᠮᠥᠨ ᠤ ᠮᠥᠩᠭᠦᠨ ᠭᠦᠢᠯᠭᠡᠭᠡᠨ ᠤ ᠰᠤᠷᠠᠭ ᠵᠠᠩᠭᠢ ᠶᠢ ᠰᠠᠶᠢᠲᠤᠷ ᠬᠠᠮᠠᠭᠠᠯᠠᠬᠤ ᠲᠤᠯᠤᠭᠠᠨ ᠠᠷᠭ᠎ᠠ
ᠨᠡᠶᠢᠲᠡᠯᠡᠭᠰᠡᠨ ᠴᠠᠭ᠄
2022/8/31
     ᠬᠡᠷᠡᠭᠯᠡᠭᠴᠢᠳ ᠤᠨ ᠮᠥᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠡᠷᠴᠢᠮ ᠢ ᠤᠯᠠᠮ ᠴᠢᠩᠭᠠᠷᠠᠭᠤᠯᠵᠤ᠂ ᠬᠡᠷᠡᠭᠯᠡᠭᠴᠢᠳ ᠤᠨ ᠮᠥᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠬᠠᠤᠯᠢ ᠳᠦᠷᠢᠮ ᠤᠨ ᠲᠡᠰ ᠳᠠᠪᠬᠤᠷᠭ᠎ᠠ ᠶᠢ ᠳᠡᠭᠡᠭᠰᠢᠯᠡᠭᠦᠯᠬᠦ ᠶᠢᠨ ᠲᠤᠰᠠᠳᠠ᠂ ︽ᠬᠤᠪᠢ ᠬᠥᠮᠥᠨ ᠤ ᠮᠥᠩᠭᠦᠨ ᠭᠦᠢᠯᠭᠡᠭᠡᠨ ᠤ ᠰᠤᠷᠠᠭ ᠵᠠᠩᠭᠢ ︵ᠲᠤᠭ᠎ᠠ ᠪᠠᠷᠢᠮᠲᠠ︶᠎ ᠶᠢ ᠬᠠᠮᠠᠭᠠᠯᠠᠬᠤ ᠲᠤᠷᠰᠢᠨ ᠬᠡᠷᠡᠭᠯᠡᠬᠦ ᠠᠷᠭ᠎ᠠ︾ ᠵᠡᠷᠭᠡ ᠶᠢ ᠠᠷᠠᠳ ᠤᠨ ᠪᠠᠩᠬᠢ ᠶᠢᠨ ᠳᠦᠷᠢᠮ ᠲᠣᠭᠲᠠᠭᠠᠯ ᠠᠵᠢᠯ ᠤᠨ ᠲᠥᠯᠥᠪᠯᠡᠭᠡ ᠳᠤ ᠣᠷᠣᠭᠤᠯᠵᠤ᠂ ︽ᠲᠤᠮᠳᠠᠳᠤ ᠤᠯᠤᠰ ᠤᠨ ᠠᠷᠠᠳ ᠤᠨ ᠪᠠᠩᠬᠢ ᠶᠢᠨ ᠮᠦ᠋ᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠡᠷᠡᠭᠵᠢᠭᠦᠯᠬᠦ ᠠᠷᠭ᠎ᠠ︾᠎ ᠶᠢ 11 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠪᠡ᠂ ᠲᠤᠰ ᠬᠡᠷᠡᠭᠵᠢᠭᠦᠯᠬᠦ ᠠᠷᠭ᠎ᠠ ᠨᠢ ᠤᠤᠯ ᠤᠨ ᠪᠠᠶᠢᠭᠰᠠᠨ ᠮᠥᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠲᠤᠰᠬᠠᠢ ᠳᠦᠷᠢᠮ ᠤᠨ ᠰᠠᠭᠤᠷᠢᠨ ᠳᠡᠭᠡᠷ᠎ᠡ᠂ ᠰᠤᠷᠠᠭ ᠵᠠᠩᠭᠢ ᠴᠤᠭᠯᠠᠭᠤᠯᠬᠤ᠂ ᠨᠡᠶᠢᠲᠡᠯᠡᠬᠦ ᠪᠠ ᠮᠡᠳᠡᠭᠳᠡᠬᠦ ᠂ ᠬᠡᠷᠡᠭᠯᠡᠬᠦ᠂ ᠬᠠᠮᠢᠶᠠᠷᠬᠤ᠂ ᠬᠠᠳᠠᠭᠠᠯᠠᠬᠤ ᠪᠠ ᠨᠢᠭᠤᠴᠠ ᠶᠢ ᠬᠠᠮᠠᠭᠠᠯᠠᠬᠤ ᠵᠡᠷᠭᠡ ᠲᠠᠯ᠎ᠠ ᠪᠠᠷ ᠰᠢᠯᠢᠳᠡᠭᠵᠢᠭᠦᠯᠦᠭᠰᠡᠨ ᠪᠠᠶᠢᠨ᠎ᠠ᠃      ᠬᠡᠷᠡᠭᠯᠡᠭᠴᠢᠳ ᠤᠨ ᠮᠥᠩᠭᠦᠨ ᠭᠦᠢᠯᠭᠡᠭᠡᠨ ᠤ ᠰᠤᠷᠠᠭ ᠵᠠᠩᠭᠢ ᠳᠤ ᠶᠡᠷᠦᠳᠡᠭᠡᠨ ᠬᠤᠪᠢ ᠬᠥᠮᠥᠨ ᠤ ᠪᠡᠶ᠎ᠡ ᠶᠢᠨ ᠭᠠᠷᠤᠯ ᠤᠨ ᠰᠤᠷᠠᠭ ᠵᠠᠩᠭᠢ᠂ ᠡᠳ᠋ ᠬᠥᠷᠥᠩᠭᠡ ᠶᠢᠨ ᠰᠤᠷᠠᠭ ᠵᠠᠩᠭᠢ᠂ ᠳᠠᠩᠰᠨ ᠬᠠᠷ᠎ᠠ ᠶᠢᠨ ᠰᠤᠷᠠᠭ ᠵᠠᠩᠭᠢ᠂ ᠢᠲᠡᠭᠡᠮᠵᠢ ᠶᠢᠨ ᠰᠤᠷᠠᠭ ᠵᠠᠩᠭᠢ᠂ ᠮᠥᠩᠭᠦᠨ ᠭᠦᠢᠯᠭᠡᠭᠡᠨ ᠤ ᠰᠣᠯᠢᠯᠴᠠᠭᠠᠨ ᠤ ᠰᠤᠷᠠᠭ ᠵᠠᠩᠭᠢ ᠪᠣᠯᠣᠨ ᠬᠤᠪᠢ ᠬᠥᠮᠥᠨ ᠤ ᠪᠤᠰᠤᠳ ᠵᠠᠷᠢᠮ ᠤᠨᠴᠠᠭᠠᠢ ᠰᠤᠷᠠᠭ ᠵᠠᠩᠭᠢ ᠪᠠᠭᠲᠠᠨ᠎ᠠ᠃ ᠡᠳᠡᠭᠡᠷ ᠴᠢᠬᠤᠯᠠ ᠰᠤᠷᠠᠭ ᠵᠠᠩᠭᠢ ᠯᠡᠪᠡᠷᠡᠬᠦ ᠳᠤ ᠬᠦᠷᠪᠡᠯ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠲᠤᠰ ᠪᠡᠶ᠎ᠡ ᠪᠣᠯᠣᠨ ᠭᠡᠷ ᠪᠦᠯᠢ᠂ ᠰᠠᠳᠤᠨ ᠲᠦᠷᠦᠯ ᠤᠨ ᠡᠳ᠋ ᠬᠥᠷᠥᠩᠭᠡ ᠳᠤ ᠬᠤᠬᠢᠷᠠᠯ ᠤᠴᠠᠷᠠᠵᠤ ᠮᠡᠳᠡᠨ᠎ᠡ᠃ ᠡᠶᠢᠮᠦ ᠶᠢᠨ ᠲᠤᠯᠠᠳᠠ᠂ ᠬᠤᠪᠢ ᠬᠥᠮᠥᠨ ᠤ ᠮᠦ᠋ᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠳᠤ ᠳᠣᠣᠷᠠᠬᠢ ᠲᠤᠯᠤᠭᠠᠨ ᠲᠠᠯ᠎ᠠ ᠶᠢ ᠭᠤᠣᠯᠳᠠᠯᠭ᠎ᠠ ᠲᠠᠢ ᠡᠵᠡᠮᠳᠡᠬᠦ ᠪᠣᠯᠪᠠ ᠦᠦ ᠭᠡᠵᠦ ᠲᠥᠪ ᠪᠠᠩᠬᠢ ᠰᠠᠨᠠᠭᠤᠯᠵᠤ ᠪᠠᠶᠢᠨ᠎ᠠ᠄      ᠨᠢᠭᠡ ᠳᠤ ᠪᠡᠶ᠎ᠡ ᠶᠢᠨ ᠦᠨᠡᠮᠯᠡᠯ᠂ ᠪᠠᠩᠬᠢ ᠶᠢᠨ ᠺᠠᠷᠲ᠂ ᠪᠠᠩᠬᠢ ᠶᠢᠨ ᠳᠠᠩᠰᠠ ᠵᠡᠷᠭᠡ ᠪᠠᠨ ᠰᠠᠶᠢᠲᠤᠷ ᠬᠠᠮᠢᠶᠠᠷᠬᠤ ᠬᠡᠷᠡᠭᠲᠡᠢ᠂ ᠪᠤᠰᠤᠳ ᠲᠤ ᠵᠢᠭᠡᠯᠡᠭᠦᠯᠵᠦ ᠪᠤᠯᠬᠤ ᠦᠭᠡᠢ︔      ᠬᠤᠶᠠᠷ ᠲᠤ ᠮᠥᠩᠭᠦᠨ ᠭᠦᠢᠯᠭᠡᠭᠡᠨ ᠤ ᠰᠤᠷᠠᠭ ᠵᠠᠩᠭᠢ᠂ ᠡᠳ᠋ ᠬᠥᠷᠥᠩᠭᠡ ᠶᠢᠨ ᠪᠠᠶᠢᠳᠠᠯ ᠵᠡᠷᠭᠡ ᠦᠨᠳᠦᠰᠦᠨ ᠰᠤᠷᠠᠭ ᠵᠠᠩᠭᠢ ᠪᠠᠨ ᠪᠤᠰᠤᠳ ᠲᠤ ᠵᠠᠳᠠᠷᠠᠭᠤᠯᠤᠭᠰᠠᠨ ᠤ ᠬᠡᠷᠡᠭ ᠦᠭᠡᠢ᠂ ᠰᠦᠯᠵᠢᠶᠡᠨ ᠳᠡᠭᠡᠷ᠎ᠡ ᠪᠤᠶᠤ ᠰᠦᠯᠵᠢᠶᠡᠨ ᠤ ᠭᠠᠳᠠᠨ᠎ᠠ ᠬᠤᠪᠢ ᠬᠥᠮᠥᠨ ᠤ ᠮᠥᠩᠭᠦᠨ ᠭᠦᠢᠯᠭᠡᠭᠡᠨ ᠤ ᠰᠤᠷᠠᠭ ᠵᠠᠩᠭᠢ ᠶᠢ ᠳᠤᠷ᠎ᠠ ᠪᠠᠷ ᠢᠶᠠᠨ ᠦᠯᠡᠳᠡᠭᠡᠵᠦ ᠪᠤᠯᠬᠤ ᠦᠭᠡᠢ︔      ᠭᠤᠷᠪᠠ ᠳᠤ ᠮᠥᠩᠭᠦᠨ ᠭᠦᠢᠯᠭᠡᠭᠡᠨ ᠤ ᠶᠠᠪᠤᠳᠠᠯ ᠢ ᠠᠯᠢ ᠪᠤᠯᠬᠤ ᠶᠢᠨ ᠳᠣᠲᠣᠷ ᠥᠪᠡᠷ ᠢᠶᠠᠨ ᠭᠦᠢᠴᠡᠳᠬᠡᠬᠦ ᠬᠡᠷᠡᠭᠲᠡᠢ᠂ ᠲᠠᠨᠢᠯ ᠪᠤᠰᠤ ᠬᠥᠮᠥᠨ ᠪᠤᠶᠤ ᠵᠠᠭᠤᠴᠢ ᠶᠢ ᠨᠠᠶᠢᠳᠠᠵᠤ ᠪᠤᠯᠬᠤ ᠦᠭᠡᠢ᠂ ᠬᠤᠪᠢ ᠬᠥᠮᠥᠨ ᠤ ᠰᠤᠷᠠᠭ ᠵᠠᠩᠭᠢ ᠬᠤᠯᠠᠭᠠᠶᠢᠯᠠᠭᠳᠠᠬᠤ ᠠᠴᠠ ᠪᠣᠯᠭᠤᠮᠵᠢᠯᠠᠬᠤ ᠬᠡᠷᠡᠭᠲᠡᠢ︔      ᠳᠥᠷᠪᠡ ᠳᠤ ᠥᠪᠡᠷ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠᠷ ᠢᠶᠠᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠭᠦᠢᠴᠡᠳᠬᠡᠬᠦ ᠦᠶᠡᠰ ᠬᠠᠭᠤᠯᠪᠤᠷᠢ ᠳᠡᠭᠡᠷ᠎ᠡ ᠪᠠᠨ ᠬᠡᠷᠡᠭᠯᠡᠬᠦ ᠵᠣᠷᠢᠯᠭ᠎ᠠ ᠪᠠᠨ ᠲᠣᠳᠣᠷᠬᠠᠶᠢᠯᠠᠬᠤ ᠬᠡᠷᠡᠭᠲᠡᠢ︔      ᠲᠠᠪᠤ ᠳᠤ ᠺᠠᠷᠲ ᠰᠢᠷᠪᠢᠭᠰᠡᠨ ᠬᠤᠳᠠᠯᠳᠤᠭᠠᠨ ᠤ ᠪᠠᠷᠢᠮᠲᠠ᠂ ᠵᠣᠭᠤᠰ ᠠᠪᠤᠭᠰᠠᠨ ᠭᠡᠷᠡᠴᠢ᠂ ᠢᠲᠡᠭᠡᠮᠵᠢ ᠶᠢᠨ ᠺᠠᠷᠲ ᠤᠨ ᠳᠠᠩᠰᠠ ᠲᠠᠭᠠᠷᠠᠭᠤᠯᠤᠭᠰᠠᠨ ᠪᠠᠷᠢᠮᠲᠠ ᠵᠡᠷᠭᠡ ᠲᠡᠷᠡ ᠳᠠᠷᠤᠢ ᠳᠤᠨᠢ ᠦᠭᠡᠶᠢᠬᠢᠬᠦ ᠴᠢᠬᠤᠯᠠᠲᠠᠢ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠳᠠᠩᠰᠠ ᠪᠠᠷᠢᠮᠲᠠ ᠶᠢ ᠬᠠᠮᠢᠶ᠎ᠠ ᠦᠭᠡᠢ ᠬᠠᠶᠠᠵᠤ ᠭᠡᠭᠡᠵᠦ ᠪᠤᠯᠬᠤ ᠦᠭᠡᠢ︔      ᠵᠢᠷᠭᠤᠭ᠎ᠠ ᠳᠤ ᠢᠷᠡᠯ ᠨᠢ ᠲᠣᠳᠣ ᠦᠭᠡᠢ ᠭᠠᠷ ᠤᠲᠠᠰᠤᠨ ᠤ ᠴᠢᠬᠢᠮ ᠴᠢᠮᠡᠭᠡ᠂ ᠰᠢᠤᠳᠠᠨ ᠭᠤᠪᠢᠭᠤᠯᠭ᠎ᠠ ᠪᠣᠯᠣᠨ ᠲᠣᠳᠣᠷᠬᠠᠢ ᠪᠤᠰᠤ ᠬᠤᠯᠪᠣᠭᠠᠰᠤ ᠶᠢ ᠳᠤᠷᠠᠪᠡᠷ ᠢᠶᠠᠨ ᠲᠣᠪᠰᠢᠵᠤ ᠪᠤᠯᠬᠤ ᠦᠭᠡᠢ᠂ ᠢᠷᠡᠯ ᠨᠢ ᠲᠣᠳᠣ ᠦᠭᠡᠢ ᠮᠡᠷᠭᠡᠨ ᠴᠣᠬᠤᠷ ᠢ ᠪᠢᠲᠡᠭᠡᠢ ᠬᠠᠮᠢᠶ᠎ᠠ ᠦᠭᠡᠢ ᠰᠢᠷᠪᠢᠭᠡᠷᠡᠢ᠂ ᠤᠯᠠᠨ ᠨᠡᠶᠢᠲᠡ ᠶᠢᠨ WiFi᠂ ᠨᠢᠭᠤᠴᠠ ᠨᠣᠮᠧᠷ ᠦᠭᠡᠢ WiFi᠎ ᠶᠢ ᠬᠢᠴᠢᠶᠡᠵᠦ ᠬᠡᠷᠡᠭᠯᠡᠬᠦ ᠬᠡᠷᠡᠭᠲᠡᠢ︔      ᠲᠤᠯᠤᠭ᠎ᠠ ᠳᠤ ᠥᠪᠡᠷ ᠤᠨ ᠴᠢᠨᠢ ᠮᠥᠩᠭᠦᠨ ᠭᠦᠢᠯᠭᠡᠭᠡᠨ ᠤ ᠰᠤᠷᠠᠭ ᠵᠠᠩᠭᠢ ᠵᠠᠳᠠᠷᠠᠭᠰᠠᠨ ᠢ ᠮᠡᠳᠡᠮᠡᠭᠴᠡ ᠳᠠᠷᠦ᠋ᠢᠬᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ ᠡᠷᠬᠡ ᠪᠠᠨ ᠬᠠᠮᠠᠭᠠᠯᠠᠬᠤ ᠬᠡᠷᠡᠭᠲᠡᠢ᠃ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠦ᠋ ᠴᠢᠦ ᠢᠦᠢ
ᠢᠷᠡᠯᠲᠡ᠄ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ