ᠲᠠᠷᠢᠮᠠᠯ ᠤᠨ ᠦᠷᠡᠵᠢᠯ ᠤᠨ ᠬᠤᠭᠤᠴᠠᠭ᠎ᠠ ᠶᠢ ᠲᠣᠬᠢᠷᠠᠭᠤᠯᠬᠤ ᠪᠠᠷ ᠳᠠᠮᠵᠢᠨ ᠡᠪᠡᠳᠴᠢᠨ ᠬᠤᠷᠣᠬᠠᠢ ᠶᠢᠨ ᠬᠥᠨᠥᠭᠡᠯ ᠢ ᠬᠡᠷᠬᠢᠨ ᠬᠢᠵᠠᠭᠠᠷᠯᠠᠬᠤ ᠪᠤᠢ
ᠨᠡᠶᠢᠲᠡᠯᠡᠭᠰᠡᠨ ᠴᠠᠭ᠄
2022/8/31
     ᠤᠷᠲᠤ ᠬᠤᠭᠤᠴᠠᠭᠠᠨ ᠤ ᠵᠣᠬᠢᠴᠠᠬᠤ ᠴᠢᠨᠠᠷᠲᠠᠢ ᠬᠤᠪᠢᠰᠤᠯᠲᠠ ᠠᠴᠠ ᠪᠣᠯᠵᠤ᠂ ᠣᠨᠴᠠ ᠨᠢᠭᠡᠨ ᠭᠠᠵᠠᠷ ᠲᠤ ᠬᠥᠨᠥᠭᠡᠯᠳᠦ ᠰᠢᠪᠠᠵᠢ ᠶᠢᠨ ᠡᠭᠦᠰᠬᠦ ᠬᠤᠭᠤᠴᠠᠭ᠎ᠠ ᠬᠢᠭᠡᠳ ᠲᠡᠭᠦᠨ ᠤ ᠮᠥᠯᠵᠢᠭᠳᠡᠭᠴᠢ ᠤᠷᠭᠤᠮᠠᠯ ᠤᠨ ᠤᠷᠭᠤᠯᠲᠠ ᠶᠢᠨ ᠬᠤᠭᠤᠴᠠᠭ᠎ᠠ ᠨᠢ ᠬᠠᠷᠢᠯᠴᠠᠨ ᠲᠠᠭᠠᠷᠠᠬᠤ ᠪᠠᠶᠢᠳᠠᠯ ᠭᠠᠷᠳᠠᠭ᠃ ᠡᠶᠢᠮᠦ ᠠᠴᠠ ᠳᠠᠬᠢᠨ ᠲᠠᠷᠢᠬᠤ ᠢᠯᠡᠳᠬᠡᠭᠴᠢ ᠵᠢᠴᠢ ᠪᠤᠰᠤᠳ ᠤᠨᠠᠯᠲᠠ ᠨᠡᠮᠡᠭᠳᠡᠬᠦ ᠱᠠᠭᠠᠷᠳᠠᠯᠭ᠎ᠠ ᠶᠢ ᠨᠥᠯᠥᠭᠡᠯᠡᠬᠦ ᠦᠭᠡᠢ ᠪᠠᠶᠢᠳᠠᠯ ᠳᠣᠣᠷ᠎ᠠ᠂ ᠲᠠᠷᠢᠬᠤ ᠬᠤᠭᠤᠴᠠᠭ᠎ᠠ ᠶᠢ ᠵᠣᠬᠢᠰᠲᠠᠢ ᠤᠷᠢᠳᠴᠢᠯᠠᠭᠤᠯᠬᠤ ᠪᠤᠶᠤ ᠬᠤᠶᠢᠰᠢᠯᠠᠭᠤᠯᠤᠨ ᠬᠥᠨᠥᠭᠡᠯᠳᠦ ᠰᠢᠪᠠᠵᠢ ᠶᠢᠨ ᠡᠭᠦᠰᠬᠦ ᠬᠤᠭᠤᠴᠠᠭ᠎ᠠ ᠪᠣᠯᠣᠨ ᠲᠠᠷᠢᠮᠠᠯ ᠤᠨ ᠠᠮᠠᠷᠬᠠᠨ ᠬᠥᠨᠥᠭᠡᠭᠳᠡᠬᠦ ᠬᠤᠭᠤᠴᠠᠭ᠎ᠠ ᠶᠢ ᠵᠥᠷᠢᠭᠦᠯᠪᠡᠯ ᠬᠥᠨᠥᠭᠡᠯᠳᠦ ᠰᠢᠪᠠᠵᠢ ᠶᠢᠨ ᠬᠥᠨᠥᠭᠡᠯ ᠠᠴᠠ ᠵᠠᠶᠢᠯᠠᠰᠬᠢᠬᠦ ᠪᠤᠶᠤ ᠪᠠᠭᠠᠰᠬᠠᠵᠤ ᠴᠢᠳᠠᠨ᠎ᠠ᠃ ᠡᠨᠡ ᠬᠦ ᠠᠷᠭ᠎ᠠ ᠨᠢ ᠲᠡᠳᠡᠭᠡᠷ ᠲᠠᠷᠢᠬᠤ ᠬᠤᠭᠤᠴᠠᠭᠠᠨ ᠤ ᠬᠡᠪᠴᠢᠶ᠎ᠡ ᠨᠢ ᠶᠡᠭᠡ᠂ ᠠᠮᠠᠷᠬᠠᠨ ᠬᠥᠨᠥᠭᠡᠭᠳᠡᠬᠦ ᠬᠤᠭᠤᠴᠠᠭ᠎ᠠ ᠨᠢ ᠣᠬᠤᠷ ᠲᠠᠷᠢᠮᠠᠯ ᠪᠣᠯᠣᠨ ᠢᠳᠡᠬᠦ ᠵᠠᠩᠰᠢᠯ ᠨᠢ ᠬᠤᠪᠢᠷᠠᠳᠠᠭ ᠦᠭᠡᠢ᠃ ᠡᠭᠦᠰᠬᠦ ᠬᠤᠭᠤᠴᠠᠭ᠎ᠠ ᠨᠢ ᠠᠳᠠᠯᠢ ᠵᠢᠴᠢ ᠬᠥᠨᠥᠭᠡᠬᠦ ᠬᠤᠭᠤᠴᠠᠭ᠎ᠠ ᠨᠢ ᠨᠡᠯᠢᠶᠡᠳ ᠲᠥᠪᠯᠡᠷᠡᠩᠭᠦᠢ ᠬᠥᠨᠥᠭᠡᠯᠳᠦ ᠰᠢᠪᠠᠵᠢ ᠳᠤ ᠢᠯᠡᠷᠬᠡᠢ ᠦᠢᠯᠡᠳᠦᠯ ᠲᠠᠢ᠃ ᠬᠠᠪᠤᠷ ᠤᠨ ᠪᠤᠭᠤᠳᠠᠢ ᠶᠢ ᠵᠣᠬᠢᠰᠲᠠᠢ ᠪᠠᠷ ᠭᠦᠢᠬᠡᠨ ᠲᠠᠷᠢᠪᠠᠯ ᠤᠷᠢᠳᠴᠢᠯᠠᠨ ᠴᠢᠬᠢᠯᠡᠬᠦ᠂ ᠡᠮᠦᠨᠡᠬᠢ ᠬᠤᠭᠤᠴᠠᠭᠠᠨ ᠤ ᠥᠰᠦᠯᠲᠡ ᠨᠢ ᠲᠦᠷᠭᠡᠳᠴᠦ᠂ ᠪᠤᠭᠤᠳᠠᠢ ᠶᠢᠨ ᠰᠦᠷᠡᠯ ᠤᠨ ᠢᠯᠠᠭ᠎ᠠ ᠪᠣᠯᠣᠨ ᠡᠯ᠎ᠡ ᠵᠦᠢᠯ ᠤᠨ ᠭᠠᠵᠠᠷ ᠳᠣᠣᠷᠠᠬᠢ ᠬᠥᠨᠥᠭᠡᠯᠳᠦ ᠰᠢᠪᠠᠵᠢ ᠶᠢᠨ ᠬᠥᠨᠥᠭᠡᠯ ᠢ ᠵᠣᠬᠢᠬᠤ ᠬᠡᠮᠵᠢᠶ᠎ᠡ ᠪᠠᠷ ᠬᠥᠩᠭᠡᠷᠡᠭᠦᠯᠦᠨ᠎ᠡ᠃
ᠢᠷᠡᠯᠲᠡ᠄ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ