| ᠨᠢᠭᠡ ᠳᠤ᠂ ︽ᠡᠵᠡᠨ ᠬᠤᠷᠤᠭ᠎ᠠ ᠬᠤᠰᠢᠭᠤᠨ ᠤ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ | ᠪᠣᠳᠣᠯᠭ᠎ᠠ ᠤᠳ︾᠂ ︽ᠡᠵᠡᠨ ᠬᠤᠷᠤᠭ᠎ᠠ ᠬᠤᠰᠢᠭᠤᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠵᠢᠴᠢ ᠳᠡᠯᠭᠡᠷᠡᠭᠦᠯᠦᠨ ᠡᠵᠡᠩᠨᠡᠬᠦ ᠲᠥᠰᠦᠯ︾ ᠵᠡᠷᠭᠡ | ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠪᠠᠶᠢᠷᠢᠰᠢᠭᠤᠯᠤᠯᠲᠠ ᠶᠢᠨ ᠴᠢᠭᠯᠡᠯ᠂ ᠬᠠᠷᠠᠯᠲᠠ ᠡᠭᠦᠷᠭᠡ᠂ ᠪᠠᠶᠢᠭᠤᠯᠤᠮᠵᠢ ᠲᠣᠭᠲᠠᠴᠠ᠂ | ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠵᠡᠷᠭᠡ ᠲᠠᠯ᠎ᠠ ᠠᠴᠠ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ︽ᠳᠥᠷᠪᠡᠨ ᠨᠢᠷᠤᠭᠤ ᠨᠠᠢᠮᠠᠨ | ᠲᠤᠯᠭᠠᠭᠤᠷᠢ︾ ᠶᠢ ᠪᠥᠬᠦ ᠲᠠᠯ᠎ᠠ ᠪᠠᠷ ᠪᠠᠶᠢᠭᠤᠯᠪᠠ᠃ | ᠬᠤᠶᠠᠷ ᠲᠤ᠂ ᠬᠠᠨᠳᠢᠪᠯᠠᠨ ᠬᠦᠷᠭᠡᠬᠦ᠂ ᠣᠯᠠᠨ ᠠᠴᠠ 12 ᠳ᠋ᠦᠩᠰᠢᠭᠤᠷ ᠲᠥᠭᠦᠷᠢᠭ ᠴᠤᠭᠯᠠᠭᠤᠯᠬᠤ᠂ ᠨᠡᠭᠦᠷᠡᠰᠦᠲᠥ᠋ᠷᠥᠭᠴᠢ ᠪᠠᠭᠠᠰᠬᠠᠬᠤ ᠠᠮᠢ ᠠᠬᠤᠶ ᠶᠢ | ᠬᠥᠭᠵᠢᠭᠦᠯᠬᠦ ᠰᠠᠭᠤᠷᠢ ᠮᠥᠩᠭᠦ ᠪᠠᠶᠢᠭᠤᠯᠬᠤ᠂ ᠬᠠᠮᠲᠤ ᠪᠠᠷ ᠴᠢᠨᠡᠭᠡᠯᠢᠭᠵᠢᠬᠦ ᠰᠠᠭᠤᠷᠢ ᠮᠥᠩᠭᠦ ᠪᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ ᠱᠠᠩᠨᠠᠯ ᠨᠥᠬᠦᠪᠥᠷᠢ᠂ | ᠰᠠᠭᠤᠷᠢ ᠮᠥᠩᠭᠦ ᠶᠢᠨ ᠬᠥᠰᠢᠭᠦᠷᠭᠡ ᠶᠢᠨ ᠬᠡᠯᠪᠡᠷᠢ ᠪᠠᠷ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠪᠠ | ᠨᠡᠶᠢᠭᠡᠮ ᠤᠨ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠭᠤᠷᠪᠠ ᠳᠤ᠂ ᠥᠨᠳᠥᠷ ᠪᠠᠷᠢᠮᠵᠢᠶ᠎ᠠ ᠪᠠᠷ ︽ᠪᠠᠷᠢᠮᠵᠢᠶᠠᠲᠤ ᠭᠠᠵᠠᠷ + ᠠᠮᠠᠯᠠᠯᠲᠠ ᠶᠢᠨ ᠲᠦᠷᠢᠮ︾ ᠪᠣᠯᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠬᠡᠷ | ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠦᠷᠦᠭᠦᠦ ᠭᠤᠷᠪᠠᠨ ᠤᠯᠠᠷᠢᠯ ᠳᠤ 4047 ᠮᠥ ︽ᠪᠠᠷᠢᠮᠵᠢᠶᠠᠲᠤ ᠭᠠᠵᠠᠷ︾ ᠢ ᠮᠡᠳᠡᠭᠦᠯᠦᠨ | ᠵᠥᠪᠰᠢᠶᠡᠷᠡᠭᠦᠯᠵᠦ᠂ ᠵᠢᠱᠢᠯᠲᠡ ᠪᠠᠷ ᠵᠢᠯ ᠤᠨ ᠡᠴᠦᠰ ᠲᠤ 5345 ᠮᠥ ︽ᠪᠠᠷᠢᠮᠵᠢᠶᠠᠲᠤ ᠭᠠᠵᠠᠷ︾ ᠢ ᠮᠡᠳᠡᠭᠦᠯᠦᠨ ᠵᠥᠪᠰᠢᠶᠡᠷᠡᠭᠦᠯᠵᠦ᠂ ᠪᠠᠷᠢᠮᠵᠢᠶᠠᠵᠢᠭᠰᠠᠨ | ᠦᠢᠯᠡᠳᠪᠦᠷᠢ ᠶᠢᠨ ᠬᠡᠷ ᠪᠠᠶᠢᠰᠢᠩ ᠢ 55 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠤᠯᠤᠨ᠎ᠠ᠃ | ᠳᠥᠷᠪᠡ ᠳᠤ᠂ ︽ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ ᠪᠠᠷ ᠭᠠᠷᠳᠠᠴᠠ ᠪᠣᠯᠭᠠᠨ᠂ ᠴᠢᠳᠠᠪᠤᠷᠢᠲᠠᠨ ᠤ ᠬᠡᠷ ᠪᠠᠭᠤᠳᠠᠯ ᠪᠠᠶᠢᠭᠤᠯᠵᠤ᠂ ᠠᠯᠤᠰ | ᠬᠡᠲᠦ᠂ ᠯᠦᠩ ᠵᠢᠶ᠂ ᠬᠤᠸᠠ ᠵᠢᠩ ᠵᠡᠷᠭᠡ 40 ᠬᠤᠳᠠᠯᠳᠤᠭᠠᠴᠢᠨ ᠤᠷᠢᠵᠤ ᠪᠠᠯᠠ ᠮᠥᠩᠭᠦ ᠣᠷᠣᠭᠤᠯᠤᠨ ᠠᠪᠴᠢᠷᠠᠭᠰᠠᠨ ᠠᠵᠤ ᠠᠬᠤᠶᠢᠯᠠᠯ ᠤᠨ 1000 ᠭᠠᠷᠤᠶ | ᠰᠢᠯᠢᠳᠡᠭ ᠴᠢᠳᠠᠪᠤᠷᠢᠲᠠᠨ ᠳᠤ ᠪᠠᠭᠤᠳᠠᠯ ᠤᠨ ᠦᠢᠯᠡᠴᠢᠯᠡᠭᠡ ᠬᠠᠩᠭᠠᠪᠠ᠃ | ᠲᠠᠪᠤ ᠳᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠳᠠᠬᠢ ᠵᠣᠭᠤᠰ ᠢ ︽ᠪᠦᠬᠦᠨ ᠢ | ᠢᠯᠭᠠᠷᠠᠭᠤᠯᠬᠤ︾ ᠶᠢ ᠪᠡᠶᠡᠯᠡᠭᠦᠯᠵᠦ᠂ ᠳᠠᠩᠰᠠᠨ ᠳᠠᠬᠢ ᠵᠣᠭᠤᠰ ᠢ ᠨᠡᠶᠢᠲᠡ 29.97 ᠳ᠋ᠦᠩᠰᠢᠭᠤᠷ ᠲᠥᠭᠦᠷᠢᠭ ᠲᠥᠯᠥᠵᠦ ᠳᠠᠭᠤᠰᠬᠠᠨ᠂ ᠪᠡᠶᠡᠯᠡᠭᠦᠯᠦᠭᠰᠡᠨ ᠨᠣᠷᠮ᠎ᠠ | ᠨᠢ 100% ᠪᠣᠯᠤᠨ᠎ᠠ᠃ |