ᠦᠵᠦᠮ ᠪᠣᠯᠪᠠᠰᠣᠷᠠᠯ᠎ᠠ
ᠨᠡᠶᠢᠲᠡᠯᠡᠭᠰᠡᠨ ᠴᠠᠭ᠄
2022/9/26
      ᠠᠯᠳᠠᠨ ᠨᠠᠮᠤᠷ ᠤᠨ ᠶᠠᠭᠠᠷᠠᠯᠳᠠᠢ ᠤᠯᠠᠷᠢᠯ ᠢᠶᠠᠷ᠂ ᠵᠠᠰᠠᠭ ᠪᠠᠯᠭᠠᠰᠤ ᠶᠢᠨ ᠱᠦ ᠬᠤᠤ ᠲᠣᠰᠬᠤᠨ ᠤ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠣᠯᠠᠨ ᠢ ᠲᠠᠶᠢᠴᠢᠯᠠᠨ ᠦᠵᠦᠮ ᠲᠡᠬᠦᠨ᠂ ᠦᠵᠤᠮ ᠢ ᠬᠤᠷᠢᠶᠠᠨ ᠪᠣᠷᠣᠯᠠᠭᠤᠯᠵᠤ᠂ ᠲᠠᠷᠢᠶᠠᠴᠢᠨ ᠡᠷᠦᠬᠡ ᠶᠢᠨ ᠣᠷᠣᠯᠭ᠎ᠠ ᠶᠢ ᠦᠨᠡᠨ ᠬᠦ ᠪᠠᠲᠤᠯᠠᠪᠠ᠃      ᠨᠠᠯᠠᠭᠠᠷ ᠨᠠᠮᠤᠷ ᠤᠨ ᠶᠢᠰᠦᠨ ᠰᠠᠷ᠎ᠠ ᠬᠡᠵᠦ ᠶᠠᠭ ᠦᠵᠦᠮ ᠪᠤᠯᠪᠠᠰᠤᠷᠠᠬᠤ ᠬᠤᠭᠤᠴᠠᠭ᠎ᠠ ᠪᠤᠯᠬᠤᠷ ᠲᠠᠯᠠᠩᠨᠠᠨ ᠬᠠᠷᠠᠬᠳᠠᠬᠤ ᠦᠵᠦᠮ ᠤᠨ ᠲᠠᠷᠢᠶᠠᠨ ᠳᠤ ᠮᠦᠴᠢᠷ ᠢᠶᠠᠨ ᠲᠠᠭᠠᠭᠠᠵᠦ ᠶᠠᠳᠠᠳᠠᠯ᠎ᠠ ᠰᠠᠭᠤᠬᠰᠠᠨ ᠦᠵᠦᠮ ᠤᠨ ᠤᠨᠵᠢᠯᠭ᠎ᠠ ᠶᠢ ᠬᠠᠷᠠᠬᠤ ᠪᠠᠷ ᠦᠪᠡᠷ ᠤᠨ ᠡᠷᠬᠡ ᠦᠬᠡᠢ ᠰᠢᠯᠦᠰᠦ ᠬᠤᠷᠠᠨ᠎ᠠ᠃ ᠯᠠᠨ ᠰᠢᠨ ᠲᠢᠶᠠᠨ ᠤ ᠪᠤᠬᠢᠷᠳᠤᠯ ᠦᠬᠡᠢ ᠠᠮᠢ ᠠᠬᠤᠢ ᠶᠢᠨ ᠬᠦᠷᠢᠶᠡᠯᠡᠩ ᠳᠤ᠂ ᠲᠣᠰᠬᠤᠨ ᠤ ᠠᠷᠠᠳ ᠤᠨ ᠵᠥᠪᠯᠡᠯ ᠤᠨ ᠺᠠᠳ᠋ᠷ ᠪᠣᠯᠤᠨ ᠲᠣᠰᠬᠤᠨ ᠳᠤ ᠰᠠᠭᠤᠭ᠎ᠠ ᠺᠠᠲᠠᠷᠴᠤᠳ ᠳᠡᠭᠦᠨ ᠢ ᠬᠠᠪᠰᠤᠷᠤᠨ ᠬᠠᠶᠢᠴᠢ ᠠᠪᠴᠤ᠂ ᠰᠠᠭᠰᠤ ᠳᠡᠭᠦᠵᠢᠯᠡᠨ ᠦᠵᠦᠮ ᠤᠨ ᠬᠦᠷᠢᠶᠡᠯᠡᠩ ᠳᠤ ᠦᠵᠦᠮ ᠢ ᠨᠢ ᠬᠤᠷᠢᠶᠠᠨ ᠦᠭᠴᠦ᠂ ᠯᠠᠨ ᠰᠢᠨ ᠲᠢᠶᠠᠨ ᠤ ᠴᠢᠷᠠᠢ ᠳᠤ ᠡᠯᠪᠡᠭ ᠬᠤᠷᠢᠶᠠᠯᠲᠠ ᠶᠢᠨ ᠪᠠᠶᠠᠷ ᠤᠨ ᠮᠦᠰᠢᠶᠡᠳᠦ ᠲᠤᠳᠤᠷᠠᠨ᠎ᠠ᠃      ᠣᠶᠢᠯᠠᠭᠠᠭᠰᠠᠨ ᠢᠶᠠᠷ᠂ ᠯᠠᠨ ᠰᠢᠨ ᠲᠢᠶᠠᠨ ᠤ ᠦᠵᠦᠮ ᠤᠨ ᠬᠦᠷᠢᠶᠡᠯᠡᠩ ᠳᠤ ᠲᠠᠷᠢᠵᠦ ᠪᠠᠶᠢᠭ᠎ᠠ ᠦᠵᠦᠮ ᠤᠨ ᠲᠦᠷᠦᠯ ᠵᠦᠢᠯ 6 ᠪᠠᠶᠢᠵᠤ᠂ ᠨᠢᠳᠤᠨᠤᠨ ᠤ ᠭᠠᠷᠤᠯᠲᠠ ᠨᠢ 30000 ᠭᠠᠷᠤᠶ ᠵᠢᠩ᠂ ᠣᠷᠣᠯᠭ᠎ᠠ ᠨᠢ 20 ᠭᠠᠷᠤᠶ ᠲᠦᠮᠡᠨ ᠲᠥᠭᠦᠷᠢᠭ ᠪᠤᠯᠪᠠ᠃ ᠡᠨᠡ ᠵᠢᠯ ᠬᠠᠪᠰᠤᠷᠤᠨ ᠲᠡᠳᠬᠦᠬᠦ ᠨᠢᠭᠡᠴᠢ ᠪᠤᠯᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠲᠡᠭᠦᠨ ᠳᠤ 5000 ᠭᠠᠷᠤᠶ ᠲᠦᠬᠦᠷᠢᠭ ᠤᠨ ᠥᠷᠲᠡᠭ ᠪᠥᠬᠦᠶ ᠲᠤᠰᠬᠠᠶ ᠪᠣᠷᠲᠣᠭᠤᠷ ᠬᠦᠷᠭᠡᠨ ᠦᠭᠴᠦ᠂ ᠪᠠᠰᠠ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠮᠡᠷᠭᠡᠵᠢᠯᠲᠡᠨ ᠢ ᠤᠷᠢᠵᠤ ᠲᠡᠭᠦᠨ ᠳᠤ ᠮᠡᠷᠭᠡᠵᠢᠯ ᠤᠨ ᠵᠥᠪᠯᠡᠯᠭᠡ ᠪᠠ ᠦᠢᠯᠡᠴᠢᠯᠡᠭᠡ ᠬᠠᠩᠭᠠᠨ᠂ ᠦᠵᠦᠮ ᠡᠯᠪᠡᠭ ᠬᠤᠷᠢᠶᠠᠯᠲᠠ ᠣᠯᠵᠤ᠂ ᠵᠢᠱᠢᠯᠲᠡ ᠪᠠᠷ ᠭᠠᠷᠤᠯᠲᠠ ᠨᠢ 40000 ᠭᠠᠷᠤᠶ ᠵᠢᠩ ᠳᠤ ᠬᠦᠷᠬᠦ ᠪᠣᠯᠤᠨ᠎ᠠ᠃ ᠯᠠᠨ ᠰᠢᠨ ᠲᠢᠶᠠᠨ ᠲᠤᠰ ᠪᠡᠶ᠎ᠡ ᠶᠢᠨ ᠬᠥᠭᠵᠢᠯᠲᠡ ᠶᠢᠨ ᠵᠡᠷᠭᠡ ᠪᠠᠷ᠂ ᠡᠨᠡ ᠬᠠᠪᠤᠷ᠂ ᠶᠠᠳᠠᠭᠤ ᠠᠴᠠ ᠠᠩᠭᠢᠵᠢᠷᠠᠭᠰᠠᠨ ᠡᠷᠦᠬᠡ᠂ 12 ᠵᠡᠮᠳᠡᠭᠴᠦᠳ ᠲᠤ ᠦᠵᠤᠮ ᠲᠠᠷᠢᠬᠤ ᠮᠡᠷᠭᠡᠵᠢᠯ ᠢᠶᠠᠨ ᠵᠢᠭᠠᠵᠤ᠂ ᠲᠡᠭᠦᠨ ᠤ ᠳᠠᠭᠠᠭᠤᠯᠭ᠎ᠠ ᠳᠤᠤᠷ᠎ᠠ᠂ ᠣᠳᠣᠬᠠᠨ ᠳᠤ ᠪᠥᠬᠦ ᠲᠣᠰᠬᠤᠨ ᠳᠤ ᠦᠵᠦᠮ ᠲᠠᠷᠢᠬᠰᠠᠨ ᠲᠠᠯᠠᠪᠠᠢ 60 ᠭᠠᠷᠤᠶ ᠮᠥ ᠶᠢ ᠲᠠᠪᠠᠭᠰᠠᠨ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ