ᠮᠠᠨ ᠤ ᠬᠤᠰᠢᠭᠤ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠰᠢᠨ᠎ᠡ ᠠᠷᠭ᠎ᠠ ᠬᠡᠮᠵᠢᠶ᠎ᠡ ᠠᠪᠴᠤ ᠪᠠᠶᠢᠨ᠎ᠠ
ᠨᠡᠶᠢᠲᠡᠯᠡᠭᠰᠡᠨ ᠴᠠᠭ᠄
2022/9/29
     ᠤᠶᠢᠷ᠎ᠠ ᠳᠤ᠂ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠨᠩᠬᠢ ᠶᠢᠨ ᠬᠢᠨ ᠡᠯ᠎ᠡ ᠵᠤᠶᠢᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠎ ᠳᠤ ︽30—30︾ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠵᠦ ᠪᠠᠶᠢᠨ᠎ᠠ᠃      ᠬᠤᠰᠢᠭᠤᠨ ᠤ ᠵᠠᠮ ᠬᠠᠷᠢᠯᠴᠠᠭᠠᠨ ᠤ  ᠬᠠᠮᠢᠶᠠᠷᠤᠯᠳᠠ ᠶᠢᠨ ᠶᠡᠭᠡ ᠠᠩᠬᠢ ᠠᠯᠲᠠᠨᠰᠢᠷᠡᠭᠡ ᠪᠠᠯᠭᠠᠰᠤᠨ ᠤ ᠵᠡᠭᠡᠯᠢ ᠶᠢᠨ ᠮᠠᠰᠢᠨᠳᠦ ᠪᠤᠰᠤ ᠲᠡᠷᠭᠡ ᠤᠯᠠᠭᠠᠨ ᠳ᠋ᠧᠩ ᠢ ᠲᠠᠭᠠᠷᠢᠬᠤ᠂ ᠰᠥᠷᠴᠦ ᠶᠠᠪᠤᠬᠤ᠂ ︽ᠠᠶᠤᠯᠬᠦᠢ ᠮᠠᠯᠠᠭᠠᠢ︾᠎  ᠵᠡᠬᠦᠭᠰᠡᠨ ᠥᠬᠡᠶ ᠪᠠᠶᠢᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠎ ᠳᠤ ︽30—30︾ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠬᠠᠤᠯᠢ ᠠᠴᠠ ᠵᠦᠷᠢᠴᠡᠭᠰᠡᠨ ᠠᠷᠠᠳ  ᠢ ᠰᠢᠷ᠎ᠠ ᠲᠤᠭ ᠪᠠᠷᠢᠭᠤᠯᠵᠦ ᠵᠠᠮ ᠬᠠᠷᠢᠯᠴᠠᠭᠠᠨ ᠤ ᠴᠠᠭᠳᠠᠭ᠎ᠠ ᠶᠢ ᠬᠠᠪᠰᠤᠷᠤᠨ ᠪᠤᠰᠤᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ 30 ᠮᠢᠨᠦ᠋ᠲ ᠢᠳᠬᠠᠨ ᠰᠤᠷᠭᠠᠬᠤ ᠪᠤᠶᠤ ᠨᠠᠶᠢᠵᠠ ᠶᠢᠨ ᠲᠣᠭᠤᠷᠢᠭ ᠲᠤ ᠦᠪᠡᠷ ᠤᠨ ᠢᠶᠠᠨ ᠪᠣᠯᠪᠠᠰᠤᠨ ᠪᠤᠰᠤ ᠦᠢᠯᠡ ᠠᠵᠢᠯᠯᠠᠭ᠎ᠠ ᠪᠠᠨ ᠢᠯᠡᠴᠢᠯᠡᠵᠦ᠂ 30 ᠬᠦᠮᠦᠨ ᠤ ᠠᠩᠬᠠᠷᠤᠯ ᠢ ᠲᠠᠳᠠᠬᠤ ᠬᠡᠯᠪᠡᠷᠢ ᠪᠠᠷ ᠶᠠᠪᠤᠬᠳᠠᠬᠰᠠᠨ ᠪᠠᠶᠢᠨ᠎ᠠ᠃      ᠡᠨᠡ ᠵᠢᠯ ᠠᠴᠠ ᠨᠠᠭᠠᠰᠢ᠂ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠂ ᠵᠦᠶ ᠵᠣᠬᠢᠰᠲᠠᠶ ᠲᠥᠯᠥᠪᠵᠢᠭᠦᠯᠵᠦ᠂ ᠬᠤᠲᠠ ᠶᠢᠨ ᠲᠣᠭᠤᠷᠢᠭ ᠤᠨ ᠡᠯ᠎ᠡ ᠭᠤᠤᠯ ᠪᠣᠯᠬᠤ ᠵᠠᠮ ᠤᠨ ᠠᠭᠤᠯᠵᠠᠷ ᠲᠤ ᠪᠠᠶᠢᠴᠠᠭᠠᠬᠤ ᠴᠡᠭ ᠲᠤᠬᠢᠷᠠᠭᠤᠯᠤᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠫᠠᠶᠢᠰᠠ ᠥᠬᠡᠶ ᠪᠠᠷ ᠵᠠᠮ ᠳᠤ ᠭᠠᠷᠬᠤ᠂ ᠳᠤᠭᠤᠶ ᠤᠨᠤᠭᠴᠢ ᠲᠣᠭᠲᠠᠭᠠᠯ ᠶᠣᠰᠣᠭᠠᠷ ᠠᠮᠤᠷ ᠲᠦᠪᠰᠢᠨ ᠤ ︽ᠠᠶᠤᠯᠬᠦᠢ ᠮᠠᠯᠠᠭᠠᠢ︾ ᠵᠡᠬᠦᠭᠰᠡᠨ ᠥᠬᠡᠶ᠂ ᠤᠯᠠᠭᠠᠨ ᠳ᠋ᠧᠩ ᠢ ᠲᠠᠭᠠᠷᠢᠬᠤ᠂ ᠲᠣᠭᠲᠠᠭᠠᠯ ᠶᠣᠰᠣᠭᠠᠷ ᠲᠡᠷᠭᠡᠨ ᠵᠠᠮ ᠢᠶᠠᠷ ᠶᠠᠪᠤᠭᠰᠠᠨ ᠥᠬᠡᠶ᠂ ᠬᠠᠤᠯᠢ ᠠᠴᠠ ᠵᠥᠷᠢᠴᠡᠨ ᠬᠥᠮᠦᠨ ᠪᠠ ᠡᠳ᠋ ᠪᠣᠳᠠᠰ ᠲᠡᠭᠡᠭᠡᠪᠦᠷᠢᠯᠡᠬᠦ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠷ ᠪᠠᠶᠢᠴᠠᠭᠠᠪᠠ᠃ ᠡᠭᠦᠨ ᠠᠴᠠ ᠭᠠᠳᠠᠨ᠎ᠠ᠂ ᠠᠷᠢᠬᠢ ᠤᠤᠭᠤᠵᠤ ᠲᠡᠷᠭᠡ ᠵᠢᠯᠣᠭᠤᠳᠬᠤ ᠰᠣᠭᠲᠣᠭᠤ ᠪᠠᠷ ᠲᠡᠷᠭᠡ ᠵᠢᠯᠣᠭᠤᠳᠬᠤ᠂ ᠭᠤᠷᠪᠠ ᠶᠢ ᠬᠡᠳᠦᠷᠡᠬᠦᠯᠬᠦ᠂ ᠶᠠᠳᠠᠷᠠᠭ᠎ᠠ ᠲᠠᠢ ᠪᠠᠷ ᠲᠡᠷᠭᠡ ᠵᠢᠯᠤᠭᠤᠳᠬᠤ᠂ ᠫᠠᠶᠢᠰᠠ ᠲᠡᠮᠳᠡᠭ᠂ ᠦᠨᠡᠮᠯᠡᠯ ᠳᠤ ᠬᠤᠯᠪᠣᠭᠳᠠᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠦᠷᠭᠦᠯᠵᠢᠯᠡᠨ ᠥᠨᠳᠥᠷ ᠳᠠᠷᠤᠯᠲᠠ ᠥᠭᠴᠦ ᠴᠢᠩᠭ᠎ᠠ ᠬᠠᠮᠢᠶᠠᠷᠤᠯᠳᠠ ᠬᠢᠵᠦ ᠪᠠᠶᠢᠨ᠎ᠠ᠃ ᠡᠭᠦᠨ ᠤ ᠬᠠᠮᠲᠤ᠂ ᠭᠤᠤᠯᠳᠠᠯᠭ᠎ᠠ ᠲᠠᠢ ᠲᠡᠷᠭᠡ ᠬᠥᠰᠬᠡ ᠶᠢᠨ ᠠᠵᠤ ᠠᠬᠤᠶᠢᠯᠠᠯ ᠤᠨ ᠳᠣᠲᠣᠭᠠᠳᠤ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠭᠦᠨᠵᠡᠭᠡᠶᠢᠷᠡᠵᠦ᠂ ᠡᠬᠢ ᠡᠭᠦᠰᠦᠯ ᠠᠴᠠ ᠨᠢ ᠬᠠᠮᠢᠶᠠᠷᠬᠤ ᠶᠢ ᠴᠢᠩᠭᠠᠳᠬᠠᠨ᠂ ᠡᠳᠦᠷ ᠲᠤᠲᠤᠮ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠬᠠᠮᠢᠶ᠎ᠠ ᠪᠥᠬᠦᠶ ᠨᠢᠭᠡᠴᠢ ᠶᠢᠨ ᠬᠠᠷᠢᠶ᠎ᠠ ᠣᠷᠣᠨ ᠤ ᠪᠣᠶ ᠪᠥᠬᠦᠶ ᠵᠠᠮ ᠬᠠᠷᠢᠯᠴᠠᠭᠠᠨ ᠤ ᠬᠡᠮ ᠰᠣᠭᠤᠭ ᠲᠤ ᠲᠣᠭᠲᠠᠮᠠᠯ ᠬᠤᠭᠤᠴᠠᠭ᠎ᠠ ᠲᠠᠢ ᠪᠠᠷ ︽ᠲᠤᠤᠷᠵᠢᠭᠤᠯᠬᠤ ᠮᠠᠶ᠋ᠢᠭ︾᠎ ᠤᠨ ᠵᠢᠭᠰᠠᠭᠠᠨ ᠪᠠᠶᠢᠴᠠᠭᠠᠯᠲᠠ ᠬᠢᠵᠦ᠂ ᠵᠠᠮ ᠬᠠᠷᠢᠯᠴᠠᠭᠠᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ  ᠪᠤᠯᠭᠠᠵᠦ ᠪᠠᠶᠢᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号