ᠮᠠᠨ ᠤ ᠬᠤᠰᠢᠭᠤᠨ ᠤ ᠰᠢᠨ᠎ᠡ ᠤᠨ ᠢ ᠤᠭᠲᠤᠬᠤ ᠠᠵᠢᠯᠯᠠᠭ᠎ᠠ ᠠᠭᠤᠯᠭ᠎ᠠ ᠪᠠᠶᠠᠯᠢᠭ ᠶᠠᠪᠤᠭᠳᠠᠯ᠎ᠠ
ᠨᠡᠶᠢᠲᠡᠯᠡᠭᠰᠡᠨ ᠴᠠᠭ᠄
2022/9/29
     ᠣᠶᠢᠷ᠎ᠠ ᠶᠢᠨ ᠡᠳᠦᠷ᠂ ᠮᠠᠨ ᠤ ᠬᠤᠰᠢᠭᠤᠨ ᠤ ᠡᠯ᠎ᠡ ᠰᠤᠷᠭᠠᠭᠤᠯᠢ᠂ ᠡᠯ᠎ᠡ ᠨᠡᠶᠢᠭᠡᠮ ᠲᠤᠭᠤᠷᠢᠭ ᠰᠢᠨ᠎ᠡ  ᠤᠨ ᠤ ᠪᠠᠶᠠᠷ ᠤᠨ ᠡᠳᠤᠷ ᠢ ᠤᠭᠲᠤᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠬᠦᠯᠵᠦ  ᠂ ᠪᠠᠶᠠᠷ ᠤᠨ ᠡᠳᠦᠷ ᠤᠨ ᠪᠠᠶᠠᠷ ᠪᠠᠶᠠᠰᠤᠯ ᠢᠶᠠᠷ ᠪᠢᠯᠬᠠᠨ᠂ ᠰᠠᠶᠢᠨ ᠰᠠᠶᠢᠬᠠᠨ ᠢᠷᠡᠭᠡᠳᠦᠶ ᠪᠠᠨ ᠪᠠᠷᠠᠯᠠᠨ ᠲᠡᠮᠳᠡᠭᠯᠡᠭᠰᠡᠨ ᠪᠠᠶᠢᠨ᠎ᠠ᠃      ᠡᠩᠭᠡ ᠨᠡᠶᠢᠭᠡᠮ ᠲᠣᠭᠤᠷᠢᠭ ︽ᠭᠠᠷ ᠬᠤᠯᠪᠣᠨ ᠬᠠᠮᠲᠤ ᠪᠠᠷ ᠤᠷᠤᠭᠰᠢᠯᠠᠵᠤ ᠰᠢᠨ᠎ᠡ ᠤᠨ ᠢ ᠪᠠᠶᠠᠷᠯᠠᠨ ᠤᠭᠲᠤᠬᠤ︾ ᠭᠤᠤᠯ ᠰᠡᠳᠦᠪᠲᠦ ᠰᠢᠷᠢᠰ ᠠᠵᠢᠯᠯᠠᠭ᠎ᠠ ᠦᠷᠨᠢᠬᠦᠯᠵᠦ᠂ ᠡᠯ᠎ᠡ ᠰᠠᠭᠤᠭᠠᠯᠢ ᠠᠷᠠᠳ ᠤᠨ ᠲᠣᠭᠤᠷᠢᠭ ᠠᠴᠠ ᠬᠦᠷᠦᠯᠴᠡᠨ ᠢᠷᠡᠭᠰᠡᠨ ᠰᠠᠭᠤᠭᠠᠯᠢ ᠠᠷᠠᠳ ᠪᠣᠯᠤᠨ ᠨᠡᠶᠢᠭᠡᠮ ᠲᠣᠭᠤᠷᠢᠭ ᠤᠨ ᠠᠵᠢᠯᠳᠠᠳ ᠳ᠋ᠧᠩᠯᠦ ᠦᠢᠯᠡᠳᠴᠦ᠂ ᠬᠤᠣᠰ ᠤᠶᠠᠩᠭ᠎ᠠ ᠪᠢᠴᠢᠵᠦ ᠬᠦᠷᠭᠡᠨ᠂ ᠲᠣᠭᠯᠠᠯᠲᠠ ᠭᠠᠷᠭᠠᠵᠤ᠂ ᠰᠢᠨ᠎ᠡ ᠤᠨ ᠢᠶᠠᠨ  ᠪᠠᠶᠠᠷ ᠬᠦᠷ ᠲᠠᠢ ᠤᠭᠳᠤᠭᠰᠠᠨ ᠪᠠᠶᠢᠨ᠎ᠠ᠃      ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠵᠡᠨ ᠬᠤᠷᠤᠭ᠎ᠠ ᠳᠠᠬᠢ ᠬᠤᠪᠢᠶᠠᠷᠢ ᠰᠤᠷᠭᠠᠭᠤᠯᠢ ᠨᠢ ︽ ᠦᠷᠢ ᠵᠠᠯᠠᠭᠤ ᠨᠠᠰᠤ ᠪᠠᠨ ᠲᠡᠮᠳᠡᠭᠯᠡᠬᠦ︾ ᠪᠠᠭᠰᠢ ᠰᠤᠷᠤᠭᠴᠢᠳ ᠤᠨ ᠤᠷᠠᠨ ᠰᠠᠶᠢᠬᠠᠨ ᠤ ᠦᠳᠡᠰᠢᠯᠡᠭᠡ ᠡᠷᠭᠢᠯᠡᠵᠦ᠂ ᠲᠡᠳᠡᠨ ᠤ ᠤᠶᠤᠨ ᠤᠬᠠᠭᠠᠨ ᠰᠢᠩᠭᠡᠭᠰᠡᠨ᠂ ᠬᠦᠴᠤ ᠬᠦᠯᠤᠰᠤ ᠠᠭᠤᠰᠤᠭᠰᠠᠨ ᠠᠭᠤᠯᠭ᠎ᠠ ᠪᠠᠶᠠᠯᠢᠭ ᠪᠦᠬᠦᠢ ᠲᠣᠭᠯᠠᠯᠲᠠ ᠪᠠᠷ ᠢᠶᠠᠨ ᠰᠢᠨ᠎ᠡ ᠤᠨ ᠢᠶᠠᠨ ᠤᠳᠬ᠎ᠠ ᠲᠡᠬᠦᠯᠳᠡᠷ ᠦᠩᠭᠡᠷᠡᠭᠡᠪᠠ᠃      ᠬᠤᠰᠢᠭᠤᠨ ᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ᠂ ᠨᠢᠭᠡᠳᠦᠭᠡᠷ ᠪᠠᠭ᠎ᠠ ᠰᠤᠷᠭᠠᠭᠤᠯᠢ᠂ ᠳᠥᠷᠪᠡᠳᠦᠭᠡᠷ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠪᠠᠶᠠᠷ ᠬᠥᠷ ᠲᠠᠢ ᠳᠠᠭᠤᠤ ᠪᠥᠵᠢᠭ ᠢᠶᠠᠷ ᠢᠶᠠᠨ ᠠᠮᠵᠢᠯᠲᠠ ᠳᠦᠭᠦᠷᠡᠩ 2021 ᠣᠨ ᠢᠶᠠᠨ ᠦᠳᠡᠵᠦ᠂ ᠬᠦᠰᠡᠯ ᠪᠢᠯᠬᠠᠭᠰᠠᠨ 2022 ᠣᠨ ᠢᠶᠠᠨ ᠤᠭᠲᠤᠪᠠ᠃      ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠰᠤᠷᠭᠠᠭᠤᠯᠢ ᠶᠢᠨ ᠬᠢᠨ ᠪᠠᠰᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠪᠠᠶᠢᠬᠤ ᠪᠠ ᠪᠠᠭᠰᠢ ᠰᠤᠷᠤᠭᠴᠢᠳ ᠤᠨ ᠠᠮᠤᠷ ᠲᠦᠪᠰᠢᠨ ᠢ ᠦᠨᠡᠨ ᠬᠦ ᠪᠠᠳᠤᠯᠠᠬᠰᠠᠨ ᠪᠠᠶᠢᠨ᠎ᠠ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ