ᠰᠠᠮᠵᠠᠶᠢᠵᠠᠪ ᠱᠦᠵᠢ᠄ ᠠᠷᠠᠳ ᠤᠨ ᠤᠴᠢᠷ ᠪᠤᠯ ᠲᠠᠷᠤᠢ ᠠᠰ ᠤᠨ ᠪᠡᠶ᠎ᠡ ᠶᠢᠨ ᠶᠠᠪᠤᠳᠠᠯ ᠮᠦᠨ
ᠨᠡᠶᠢᠲᠡᠯᠡᠭᠰᠡᠨ ᠴᠠᠭ᠄
2022/9/29
     ᠰᠠᠮᠵᠠᠶᠢᠵᠠᠪ ᠪᠤᠯ ᠡᠵᠡᠨ ᠬᠤᠷᠤᠭ᠎ᠠ ᠬᠤᠰᠢᠭᠤᠨ ᠤ ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ ᠤᠨ ᠺᠠᠳ᠋ᠷ᠃  ᠲᠡᠷᠨ ᠪᠤᠯ 2016 ᠤᠨ ᠠᠴᠠ ᠡᠬᠢᠯᠡᠨ ᠭᠠᠴᠠᠭ᠎ᠠ ᠲᠤᠰᠬᠤᠨ ᠳᠤ ᠲᠤᠮᠢᠯᠠᠬᠳᠠᠨ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠶᠢᠨ ᠲᠤᠰᠢᠶᠠᠯ ᠢ ᠬᠠᠷᠢᠭᠤᠴᠠᠵᠤ᠂  ᠮᠦᠨᠴᠤ ᠲᠤᠰ ᠤᠨ ᠠᠴᠠ ᠡᠬᠢᠯᠡᠨ ᠲᠠᠪᠤᠨ ᠵᠢᠯ ᠲᠠᠷᠠᠭᠠᠯᠠᠨ ᠭᠠᠴᠠᠭᠠᠨ ᠳᠤ ᠰᠠᠭᠤᠭ᠎ᠠ ᠰᠢᠯᠢᠳᠡᠭ ᠨᠢᠭᠡᠳᠦᠭᠡᠷ ᠱᠦᠵᠢ᠂ 2021 ᠤᠨ ᠳᠤ ᠪᠠᠰᠨ  ᠬᠤᠰᠢᠭᠤᠨ ᠤ ᠶᠠᠳᠠᠭᠤ ᠠᠴᠠ ᠠᠩᠬᠢᠷᠠᠭᠤᠯᠤᠨ ᠪᠤᠭᠤᠮᠳᠡ ᠰᠢᠪᠳᠤᠯᠬᠤ ᠠᠵᠢᠯ ᠤᠨ ᠲᠡᠷᠢᠭᠦᠨ ᠤ ᠬᠤᠪᠢ ᠬᠦᠮᠤᠨ ᠎ ᠤ ᠢᠷᠠᠭᠤ ᠠᠯᠳᠡᠷ ᠢ ᠬᠦᠷᠳᠡᠭᠰᠡᠨ ᠬᠦᠮᠤᠨ᠃ 
1.jpg
    
2.jpg
        ᠲᠡᠭᠡᠪᠡᠯ ᠰᠠᠮᠵᠠᠶᠢᠵᠠᠪ ᠭᠡᠵᠤ ᠶᠠᠮᠠᠷᠬᠠᠨ ᠰᠢᠤ ᠬᠦᠮᠤᠨ ᠪᠠᠶᠢᠳᠠᠭ ᠪᠤᠢ︖ ᠰᠤᠷᠪᠤᠯᠵᠢᠯᠠᠬᠴᠢ ᠶᠢᠨ ᠦᠢᠯᠠᠭᠠᠬᠰᠡᠨ ᠢᠶᠠᠷ ᠲᠡᠷᠨ ᠪᠤᠯ ᠵᠠᠩ ᠠᠭᠠᠰᠢ ᠨᠠᠮ ᠲᠤᠬᠳᠠᠭᠤᠨ᠂ ᠤᠪᠤᠷ ᠰᠤᠷᠳᠡᠯ ᠲᠠᠷᠤᠤ ᠬᠢᠴᠢᠶᠡᠮᠰᠦᠭ ᠬᠦᠮᠤᠨ ᠶᠤᠮ᠃ ᠲᠠᠶᠢᠮᠤ ᠡ᠂ ᠨᠡᠩ ᠴᠤ ᠠᠵᠢᠯ ᠤᠨ ᠲᠤᠮᠳᠡ ᠪᠠᠨ ᠲᠡᠷᠨ ᠮᠠᠨᠢ ᠶᠤᠰᠤᠳᠠᠢ ᠠᠷᠠᠳ ᠤᠨ ᠶᠠᠪᠤᠳᠠᠯ ᠢ ᠦᠪᠡᠷ ᠤᠨ ᠶᠠᠪᠤᠳᠠᠯ ᠲᠠᠢ ᠪᠠᠨ ᠠᠳᠠᠯᠢᠬᠠᠨ ᠢᠶᠠᠷ ᠦᠵᠡᠵᠤ᠂ ᠠᠰ ᠤᠨ ᠪᠡᠶ᠎ᠡ ᠶᠢᠨ ᠶᠠᠳᠠᠷᠠᠯ ᠵᠦᠳᠡᠷᠡᠯ ᠢ ᠬᠠᠶᠢᠬᠤᠷᠤᠯ ᠦᠭᠡᠢ ᠪᠠᠷ ᠠᠵᠢᠯᠯᠠᠵᠤ ᠶᠠᠪᠤᠳᠠᠭ ᠬᠦᠮᠤᠨ ᠶᠤᠮ᠃              2016 ᠤᠨ ᠳᠤ  ᠲᠡᠷᠨ ᠰᠤᠪᠤᠷᠭ᠎ᠠ ᠪᠠᠯᠭᠠᠰᠤᠨ ᠳᠤ ᠬᠦᠷᠴᠤ ᠨᠢᠭᠡᠳᠦᠭᠡᠷ ᠱᠦᠵᠢ ᠶᠢᠨ ᠲᠤᠰᠢᠶᠠᠯ ᠢ ᠬᠠᠷᠢᠭᠤᠴᠠᠬᠰᠡᠨ ᠠᠴᠠ ᠨᠠᠰᠢ ᠠᠵᠢᠯ ᠳᠠᠭᠠᠨ ᠨᠠᠷᠢᠨ ᠬᠢᠨᠠᠮᠠᠭᠠᠢ ᠤᠪᠤᠷ ᠢᠶᠠᠷ ᠬᠠᠨᠳᠤᠵᠤ᠂ ᠠᠷᠠᠳ ᠤᠨ ᠲᠤᠮᠳᠠᠬᠢ ᠠᠰᠠᠭᠤᠳᠠᠯ ᠵᠢᠴᠢ ᠬᠡᠷᠡᠭᠴᠡᠭᠡ ᠱᠠᠭᠠᠷᠳᠠᠯᠭ᠎ᠠ ᠶᠢ ᠰᠠᠶᠢᠳᠤᠷ ᠦᠢᠯᠠᠭᠠᠨ᠂ ᠠᠷᠭ᠎ᠠ ᠪᠦᠭᠦᠨ ᠢ ᠰᠦᠪᠡᠭᠴᠢᠯᠡᠨ ᠭᠠᠴᠠᠭᠠᠨ ᠤ ᠬᠠᠮᠳᠤ ᠶᠢᠨ ᠠᠵᠤ ᠠᠬᠤᠢ ᠶᠢ ᠰᠠᠶᠢᠵᠢᠷᠠᠭᠤᠯᠬᠤ ᠲᠡᠭᠡᠷ᠎ᠡ ᠬᠦᠴᠦ ᠎ ᠪᠠᠨ ᠲᠠᠯᠪᠢᠨ᠂ ᠲᠤᠰ ᠭᠠᠴᠠᠭᠠᠨ ᠳᠤ ᠤᠷᠢᠳ ᠬᠤᠵᠢᠳ 2000 ᠭᠠᠷᠤᠢ ᠲᠦᠮᠡᠨ ᠲᠦᠭᠦᠷᠢᠭ ᠤᠨ ᠪᠡᠯᠨ ᠮᠦᠡᠭᠬᠦ ᠶᠢ ᠤᠯᠵᠤ ᠦᠭᠴᠤ᠂ ᠲᠠᠷᠢᠶᠠᠯᠠᠩ ᠤᠨ ᠮᠠᠰᠢᠨ ᠢ ᠬᠤᠳᠠᠯᠳᠤᠨ ᠠᠪᠴᠤ ᠤᠷᠤᠭᠤᠯᠤᠬᠰᠡᠨ᠂ ᠤᠯᠠᠭᠠᠨ ᠢᠳᠡᠭᠡᠨ ᠪᠤᠯᠪᠠᠰᠤᠷᠠᠭᠤᠯᠬᠤ ᠦᠢᠯᠡᠳᠪᠤᠷᠢ ᠪᠠᠶᠢᠭᠤᠯᠤᠬᠰᠡᠨ᠂ ᠦᠭᠡᠷ ᠲᠡᠵᠢᠭᠡᠬᠦ ᠦᠢᠯᠡᠰ ᠢ ᠡᠷᠬᠢᠯᠡᠭᠰᠡᠨ᠂ ᠮᠤᠩᠭᠤᠯ ᠭᠡᠷ ᠢ ᠨᠡᠮᠡᠵᠤ ᠪᠤᠰᠬᠠᠨ ᠵᠤᠭᠠᠴᠠᠯ ᠤᠨ ᠦᠢᠯᠡᠰ ᠤᠨ ᠬᠦᠭᠵᠢᠯᠳᠡ ᠶᠢ ᠠᠬᠢᠭᠤᠯᠤᠬᠰᠡᠨ ᠵᠡᠷᠭᠡ 8 ᠲᠦᠷᠦᠯ ᠵᠦᠢᠯ ᠢ ᠰᠡᠳᠤᠨ ᠬᠢᠵᠤ᠂ ᠭᠠᠴᠠᠭᠠᠨ ᠤ ᠬᠠᠮᠳᠤ ᠶᠢᠨ ᠠᠵᠤ ᠠᠬᠤᠢ ᠶᠢ ᠬᠦᠭᠵᠢᠭᠦᠯᠤᠨ ᠠᠷᠠᠳ ᠤᠯᠡᠨ ᠤ ᠠᠮᠢᠳᠤᠷᠠᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠭᠦᠯᠦᠭᠰᠡᠨ ᠪᠠᠶᠢᠨ᠎ᠠ᠃ 
3.jpg
4.jpg
      ︽ᠡᠷᠤᠭᠡ ᠪᠦᠷᠢ ᠳᠤ ᠤᠷᠤᠵᠤ᠂ ᠠᠶᠢᠯ ᠪᠤᠯᠭᠠᠨ ᠤ ᠪᠠᠶᠢᠳᠠᠯ ᠢ ᠦᠢᠯᠠᠭᠠᠵᠤ᠂ ᠬᠡᠷᠡᠭ ᠪᠦᠬᠦᠨ ᠢ ᠰᠡᠳᠬᠢᠯ ᠲᠠᠯᠪᠢᠨ ᠰᠢᠢᠳᠪᠤᠷᠢᠯᠡᠬᠦ︾ ᠪᠤᠯ ᠰᠠᠮᠵᠠᠶᠢᠵᠠᠪ ᠱᠦᠵᠢ ᠶᠢᠨ ᠠᠵᠢᠯ ᠤᠨ ᠦᠨᠳᠤᠰᠤᠨ ᠵᠠᠷᠴᠢᠮ ᠪᠤᠯᠤᠨ᠎ᠠ᠃ ᠲᠡᠷᠨ ᠰᠤᠯᠨ ᠰᠡᠯᠡᠭᠦᠤ ᠴᠠᠭ ᠢᠶᠠᠷ ᠢᠶᠠᠨ ᠠᠶᠢᠯ ᠡᠷᠤᠭᠡ ᠪᠠᠷ ᠬᠦᠨᠵᠡᠭᠡᠶᠢᠷᠡᠨ ᠦᠨᠤᠴᠢᠨ ᠵᠡᠮᠳᠡᠭ ᠨᠠᠰᠤᠳᠠᠶᠢᠴᠤᠳ ᠢ ᠬᠠᠯᠠᠮᠵᠢᠯᠡᠨ᠂ ᠪᠠᠰᠨ ᠭᠡᠷ ᠪᠦᠯᠢ ᠶᠢᠨ ᠦᠢᠯᠡᠳᠪᠤᠷᠢᠯᠡᠯ ᠠᠮᠢᠳᠤᠷᠠᠯ ᠳᠤ ᠨᠢ ᠲᠤᠰᠠᠯᠠᠵᠤ ᠪᠠᠶᠢᠳᠠᠭ᠃ ᠰᠤᠪᠤᠷᠭ᠎ᠠ ᠭᠠᠴᠠᠭᠠᠨ ᠤ ᠮᠠᠯᠴᠢᠨ ᠪᠦᠷᠢᠨᠵᠢᠷᠭᠠᠯ ᠤᠨ ᠬᠢᠨ ᠪᠤᠯ ᠶᠠᠳᠠᠭᠤ ᠬᠦᠴᠢᠷᠳᠡᠯᠳᠠᠢ ᠡᠷᠤᠭᠡ ᠶᠢᠨ ᠲᠤᠭᠠᠨ ᠳᠤ ᠪᠠᠭᠳᠠᠵᠤ ᠪᠠᠶᠢᠳᠠᠭ᠃ ᠲᠡᠷᠨ ᠬᠡᠯᠡᠬᠦ ᠳᠡᠭᠡᠨ᠄ ︽ᠰᠠᠮᠵᠠᠶᠢᠵᠠᠪ ᠱᠦᠵᠢ ᠮᠠᠨ ᠤ ᠳᠤ ᠰᠠᠶᠢᠨ ᠢᠷᠡᠨ᠎ᠡ᠂ ᠪᠢ ᠤᠴᠢᠷ ᠲᠠᠢ ᠪᠤᠯ ᠤᠳᠠᠰᠤ ᠪᠠᠷ ᠬᠠᠷᠢᠯᠴᠠᠳᠠᠭ ᠪᠠᠶᠢᠬᠰᠡᠨ᠃ ᠬᠤᠳᠳᠤᠭ ᠮᠠᠯᠳᠠᠬᠤ ᠵᠡᠷᠭᠡ ᠭᠡᠷ ᠤᠨ ᠠᠷᠰᠡᠷ ᠶᠠᠪᠤᠳᠠᠯ ᠳᠤ ᠴᠦᠮ ᠵᠤᠭᠤᠰ ᠮᠦᠡᠭᠬᠦ ᠬᠦᠷᠭᠡᠨ ᠢᠷᠡᠵᠤ ᠬᠠᠪᠰᠤᠷᠤᠯᠭ᠎ᠠ ᠲᠡᠮᠵᠢᠯᠭᠡ ᠦᠵᠡᠭᠦᠯᠵᠤ ᠪᠠᠶᠢᠬᠰᠡᠨ ᠶᠤᠮ᠃ ᠡᠶᠢᠮᠤ ᠰᠠᠶᠢᠨ ᠱᠦᠵᠢ ᠶᠢ ᠪᠢᠳᠡ ᠬᠡᠵᠢᠶᠡᠳᠡ ᠮᠠᠷᠳᠠᠵᠤ ᠴᠢᠳᠠᠰᠢ ᠦᠭᠡᠢ ︾ ᠭᠡᠵᠤ ᠪᠠᠶᠢᠯ᠎ᠠ᠃ 
5.jpg
6.jpg
      ᠲᠡᠶᠢᠮᠤ ᠡ᠂ ᠰᠠᠮᠵᠠᠶᠢᠵᠠᠪ ᠦᠨᠡᠭᠡᠷ ᠨᠠᠮ ᠤᠨ ᠦᠢᠯᠡᠰ ᠲᠤ ᠨᠠᠷᠮᠠᠢ ᠬᠠᠶᠢᠷ᠎ᠠ ᠪᠠᠨ ᠡᠷᠭᠦᠵᠤ ᠶᠠᠪᠤᠬᠰᠠᠨ ᠭᠡᠬᠦ ᠳᠤ ᠠᠬᠠᠳᠠᠬᠤ ᠦᠭᠡᠢ᠃  ᠲᠡᠷᠨ ᠰᠤᠪᠤᠷᠭ᠎ᠠ ᠭᠠᠴᠠᠭᠠᠨ ᠳᠤ ᠪᠠᠶᠢᠬᠰᠡᠨ ᠬᠡᠳᠤᠨ ᠵᠢᠯ ᠤᠨ ᠬᠤᠭᠤᠴᠠᠭᠠᠨ ᠳᠤ ᠪᠡᠯᠨ ᠮᠦᠡᠭᠬᠦ ᠶᠢ ᠲᠠᠰᠤᠷᠠᠯᠳᠡ ᠦᠭᠡᠢ ᠭᠤᠶᠤᠴᠢᠯᠡᠨ ᠤᠯᠵᠤ᠂ ᠲᠤᠰ ᠭᠠᠴᠠᠭᠠᠨ ᠳᠤ 10 ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ ᠲᠦᠭᠦᠭᠡᠷᠤᠮᠵᠢ ᠬᠤᠳᠠᠯᠳᠤᠨ ᠠᠪᠴᠤ ᠤᠷᠤᠭᠤᠯᠤᠨ ᠮᠠᠯᠴᠢᠨ ᠲᠠᠷᠢᠶᠠᠴᠢᠨ ᠤ ᠬᠠᠪᠤᠷ ᠤᠨ ᠲᠠᠷᠢᠶᠠᠯᠠᠭ᠎ᠠ ᠪᠡ ᠨᠠᠮᠤᠷ ᠤᠨ ᠬᠤᠷᠢᠶᠠᠯᠳᠡ ᠶᠢᠨ ᠠᠵᠢᠯ ᠳᠤ ᠲᠦᠭᠦᠮ ᠦᠵᠡᠭᠦᠯᠦᠭᠰᠡᠨ ᠢᠶᠠᠷ ᠦᠯᠤ ᠪᠠᠷᠠᠨ ᠪᠠᠰᠨ ᠮᠠᠰᠢᠨ ᠢᠶᠠᠨ ᠭᠠᠳᠠᠬᠰᠢ ᠲᠦᠷᠢᠶᠡᠰᠦᠯᠡᠭᠦᠯᠵᠤ ᠤᠯᠤᠬᠰᠡᠨ ᠤᠷᠤᠯᠭ᠎ᠠ ᠶᠢᠨ ᠮᠦᠡᠭᠬᠦ ᠪᠠᠨ ᠠᠶᠢᠯ ᠪᠦᠭᠦᠨ ᠳᠤ ᠬᠤᠪᠢᠶᠠᠵᠠᠢ᠃ ᠪᠠᠰᠨ ᠭᠤᠶᠤᠴᠢᠯᠡᠵᠤ ᠤᠯᠤᠬᠰᠡᠨ ᠪᠡᠯᠨ ᠮᠦᠡᠭᠬᠦ ᠬᠢᠭᠡᠳ ᠮᠠᠯᠴᠢᠨ ᠲᠠᠷᠢᠶᠠᠴᠢᠳ ᠤᠨ ᠬᠤᠪᠢ ᠤᠷᠤᠭᠤᠯᠤᠬᠰᠡᠨ ᠪᠡᠯᠨ ᠮᠦᠡᠭᠬᠦ ᠶᠢ ᠨᠡᠶᠢᠯᠡᠭᠦᠯᠤᠭᠡᠳ ᠰᠤᠪᠤᠷᠭ᠎ᠠ ᠲᠠᠯ᠎ᠠ ᠨᠤᠳᠤᠭ ᠤᠨ ᠵᠤᠭᠠᠴᠠᠯ ᠤᠨ ᠤᠷᠤᠨ ᠳᠤ 50 ᠰᠢᠨ᠎ᠡ ᠮᠤᠩᠭᠤᠯ ᠭᠡᠷ ᠪᠤᠰᠬᠠᠨ ᠵᠢᠯ ᠳᠤ 60 ᠲᠦᠮᠡᠨ ᠲᠦᠭᠦᠷᠢᠭ ᠤᠨ ᠲᠦᠷᠢᠶᠡᠰᠤᠨ ᠮᠦᠡᠭᠬᠦ ᠶᠢᠨ ᠠᠰᠢᠭ ᠤᠷᠤᠯᠭ᠎ᠠ ᠤᠯᠵᠤ ᠮᠠᠯᠴᠢᠨ ᠲᠠᠷᠢᠶᠠᠴᠢᠳ ᠤᠨ ᠠᠮᠢᠳᠤᠷᠠᠯ ᠢ ᠴᠢᠨᠡᠭᠡᠯᠢᠭᠵᠢᠭᠦᠯᠵᠤ ᠶᠠᠪᠤᠬᠰᠡᠨ ᠁ 
7.png
      2021 ᠤᠨ ᠳᠤ  ᠰᠠᠮᠵᠠᠶᠢᠵᠠᠪ ᠱᠦᠵᠢ ᠡᠵᠡᠨ ᠬᠤᠷᠤᠭ᠎ᠠ ᠪᠠᠯᠭᠠᠰᠤᠨ ᠤ ᠰᠢᠬᠤᠢ ᠶᠢᠨ ᠰᠦᠮ᠎ᠡ ᠭᠠᠴᠠᠭᠠᠨ ᠳᠤ ᠲᠠᠬᠢᠨᠳᠡ ᠲᠤᠮᠢᠯᠠᠬᠳᠠᠨ ᠢᠷᠡᠵᠤ ᠨᠢᠭᠡᠳᠦᠭᠡᠷ ᠱᠦᠵᠢ ᠪᠠᠷ ᠠᠵᠢᠯᠯᠠᠵᠠᠢ᠃ ᠭᠡᠪᠡᠴᠤ ᠬᠠᠮᠢᠭ᠎ᠠ ᠤᠴᠢᠯ᠎ᠡ ᠭᠡᠳ ᠲᠡᠭᠦᠨ ᠤ  ᠡᠳᠤᠷ ᠰᠦᠨᠢ ᠢᠯᠭᠠᠯ ᠦᠭᠡᠢ ᠬᠠᠳᠠᠭᠤᠵᠢᠯᠳᠠᠢ ᠠᠵᠢᠯᠯᠠᠳᠠᠭ ᠡᠷᠬᠢᠮ ᠰᠤᠷᠳᠡᠯ ᠨᠢ ᠴᠤ ᠬᠤᠪᠢᠷᠠᠰᠢ ᠦᠭᠡᠢ᠃ ᠠᠳᠡ ᠢᠷᠡᠭᠰᠡᠨ ᠨᠢᠭᠡ ᠵᠢᠯ ᠭᠠᠷᠤᠢ ᠶᠢᠨ ᠬᠤᠭᠤᠴᠠᠭᠠᠨ ᠳᠤ ᠲᠡᠷᠨ ᠮᠠᠨᠢ ᠪᠠᠰᠨ ᠲᠤᠰ ᠭᠠᠴᠠᠭᠠᠨ ᠤ ᠠᠶᠢᠯ ᠡᠷᠤᠭᠡ ᠪᠠᠷ ᠬᠦᠨᠵᠡᠭᠡᠶᠢᠷᠡᠨ ᠪᠠᠶᠢᠳᠠᠯ ᠢ ᠦᠢᠯᠠᠭᠠᠵᠤ᠂ ᠠᠳᠡᠬᠢ ᠰᠤᠶᠤᠯ ᠵᠤᠭᠠᠴᠠᠯ ᠤᠨ ᠡᠬᠢ ᠪᠠᠶᠠᠯᠢᠭ ᠤᠨ ᠪᠠᠶᠢᠳᠠᠯ ᠳᠤ ᠰᠠᠭᠤᠷᠢᠯᠡᠨ ᠬᠠᠮᠢᠶ᠎ᠠ ᠪᠦᠭᠦᠢ ᠲᠦᠷᠦᠯ ᠵᠦᠢᠯ ᠢ ᠰᠠᠨᠠᠭᠠᠴᠢᠯᠡᠨ ᠰᠡᠳᠤᠵᠤ᠂ ᠤᠳᠤ ᠪᠤᠯᠳᠠᠯ᠎ᠠ ᠪᠠᠰᠨ ᠨᠢᠭᠡᠨᠳᠡ ᠢᠡᠭᠭᠡᠨ ᠰᠦ ᠶᠢᠨ ᠦᠢᠯᠡᠳᠪᠤᠷᠢ᠂  ᠦᠨᠢᠶᠡᠨ ᠰᠦ ᠶᠢᠨ ᠦᠢᠯᠡᠳᠪᠤᠷᠢ  ᠵᠡᠷᠭᠡ ᠶᠢ ᠪᠠᠶᠢᠭᠤᠯᠵᠤ᠂ ᠵᠢᠯ ᠎ ᠤᠨ ᠡᠴᠤᠰ ᠪᠤᠯᠳᠠᠯ᠎ᠠ ᠭᠤᠴᠢᠭᠠᠳ ᠲᠦᠮᠡᠨ ᠲᠦᠭᠦᠷᠢᠭ ᠤᠨ ᠬᠠᠮᠳᠤ ᠶᠢᠨ ᠠᠵᠤ ᠠᠬᠤᠢ ᠶᠢᠨ ᠡᠵᠡᠩᠨᠡᠯᠳᠡ ᠶᠢᠨ ᠴᠢᠨᠠᠷᠳᠠᠢ ᠤᠷᠤᠯᠭ᠎ᠠ ᠶᠢ ᠪᠡᠶᠡᠯᠡᠭᠦᠯᠬᠦ ᠪᠠᠷ ᠲᠦᠯᠦᠪᠯᠡᠵᠤ ᠪᠤᠢ᠃ ᠲᠤᠰ ᠭᠠᠴᠠᠭᠠᠨ ᠤ ᠨᠠᠮ ᠤᠨ ᠡᠭᠦᠷ ᠤᠨ ᠱᠦᠵᠢ ᠰᠡᠩᠭᠡᠪᠠᠭᠠᠳᠤᠷ ᠪᠢᠳᠡᠨ ᠳᠤ ᠶᠠᠷᠢᠬᠤ ᠳᠠᠭᠠᠨ᠄ ︽ᠰᠠᠮᠵᠠᠶᠢᠵᠠᠪ ᠱᠦᠵᠢ ᠮᠠᠨ ᠤ ᠬᠢᠨ ᠳᠤ ᠢᠷᠡᠮᠡᠭᠴᠨ ᠪᠠᠨ ᠭᠠᠴᠠᠭᠠᠨ ᠤ ᠤᠰᠤᠨ ᠠᠰᠢᠬᠯᠠᠯᠳᠡ ᠶᠢᠨ ᠲᠠᠯ᠎ᠠ ᠶᠢᠨ ᠬᠦᠴᠢᠷᠳᠡᠯᠳᠠᠢ ᠪᠠᠶᠢᠳᠠᠯ ᠳᠤ ᠬᠠᠪᠰᠤᠷᠤᠮᠵᠢ ᠦᠵᠡᠭᠦᠯᠦᠭᠰᠡᠨ ᠶᠤᠮ᠃ ᠤᠳᠤ ᠪᠠᠰᠨ ᠲᠠᠰᠤᠷᠠᠯᠳᠡ ᠦᠭᠡᠢ ᠬᠠᠮᠳᠤ ᠶᠢᠨ ᠠᠵᠤ ᠠᠬᠤᠢ ᠶᠢ ᠰᠦᠪᠡᠭᠴᠢᠯᠡᠵᠤ ᠶᠠᠪᠤᠵᠤ ᠪᠠᠶᠢᠨ᠎ᠠ᠃  ᠨᠠᠰᠤ ᠵᠠᠯᠠᠭᠤ ᠴᠤ ᠵᠤᠷᠢᠭ ᠲᠠᠢ ᠰᠠᠶᠢᠨ ᠵᠠᠯᠠᠭᠤ ᠶᠤᠮ ᠳ᠋ᠠ ︾ ᠭᠡᠵᠤ ᠪᠠᠶᠢᠯ᠎ᠠ᠃ 
8.png
      ᠲᠡᠶᠢᠮᠤ ᠡ᠂ ᠠᠯᠳᠡ ᠯᠨ ᠪᠤᠯ ᠬᠠᠮᠢᠭ᠎ᠠ ᠪᠤᠯᠤᠯ᠎ᠡ ᠭᠡᠳ ᠬᠢᠯᠠᠯᠵᠠᠬᠤ ᠯᠨ ᠶᠤᠰᠤᠳᠠᠢ ᠭᠡᠳᠡᠭ ᠢᠶᠠᠷ ᠰᠠᠮᠵᠠᠶᠢᠵᠠᠪ ᠱᠦᠵᠢ ᠤᠳᠤ ᠰᠠᠶ᠋ᠢ ᠲᠦᠴᠢᠨ ᠨᠠᠰᠤ ᠴᠤ ᠬᠦᠷᠦᠭᠡ ᠦᠭᠡᠢ ᠵᠠᠯᠠᠭᠤ ᠺᠠᠳ᠋ᠷ ᠪᠤᠯᠤᠯ᠎ᠠ ᠭᠡᠳ ᠪᠤᠳᠠᠳᠠᠢ ᠠᠵᠢᠯ ᠬᠢᠳᠡᠯ ᠤᠨ ᠲᠠᠯ᠎ᠠ ᠪᠠᠷ ᠪᠤᠯ ᠶᠤᠰᠤᠳᠠᠢ ᠠᠷᠠᠳ ᠤᠯᠡᠨ ᠤ  ︽ᠠᠪᠤᠷᠠᠯ ᠤᠨ ᠤᠳᠤᠨ︾  ᠪᠤᠯᠵᠤ ᠶᠠᠪᠤᠨ᠎ᠠ ᠭᠡᠬᠦ ᠳᠤ ᠠᠬᠠᠳᠠᠬᠤ ᠦᠭᠡᠢ᠃ ︽ᠨᠠᠮ ᠵᠠᠰᠠᠭ ᠤᠨ ᠲᠦᠷᠦ ᠶᠢᠨ ᠪᠤᠳᠤᠯᠭ᠎ᠠ᠂ ᠠᠷᠠᠳ ᠤᠯᠡᠨ ᠤ ᠦᠪᠡᠷ ᠤᠨ ᠴᠢᠷᠮᠠᠶᠢᠯᠭ᠎ᠠ ᠪᠤᠯ ᠬᠠᠮᠤᠭ ᠤᠨ ᠭᠤᠤᠯ ᠬᠦᠴᠦᠨ ᠪᠠᠶᠢᠵᠤ᠂  ᠮᠦᠨᠴᠤ ᠨᠠᠳᠡ ᠶᠢ ᠵᠤᠷᠢᠬᠵᠢᠭᠤᠯᠵᠤ ᠪᠠᠶᠢᠳᠠᠭ ᠶᠤᠮ᠃ ᠨᠢᠭᠡᠳᠦᠭᠡᠷ ᠱᠦᠵᠢ ᠪᠤᠯᠤᠬᠰᠡᠨ ᠤ ᠬᠤᠪᠢ ᠳᠤ ᠪᠢ ᠵᠦᠪᠭᠡᠨ ᠴᠢᠷᠮᠠᠶᠢᠵᠤ ᠠᠵᠢᠯᠯᠠᠬᠤ ᠯᠨ ᠶᠤᠰᠤᠳᠠᠢ︾ ᠭᠡᠵᠤ ᠰᠠᠮᠵᠠᠶᠢᠵᠠᠪ ᠶᠠᠷᠢᠵᠤ ᠪᠠᠶᠢᠯ᠎ᠠ ᠃ ︽ᠨᠢᠭᠡᠨ ᠨᠠᠮ ᠤᠨ ᠭᠡᠰᠢᠭᠦᠨ ᠪᠤᠯᠤᠬᠰᠡᠨ ᠤ ᠬᠤᠪᠢ ᠳᠤ ᠪᠢ ᠠᠩᠬ᠎ᠠ ᠬᠦᠳᠡᠭᠡ ᠪᠠᠭᠤᠬᠤ ᠎ ᠳᠤ ᠠᠷᠠᠳ ᠤᠨ ᠲᠤᠮᠳᠠᠬᠢ ᠵᠦᠷᠢᠴᠡᠯ ᠮᠦᠷᠭᠦᠯᠳᠦᠭᠡᠨ ᠢ ᠰᠢᠢᠳᠪᠤᠷᠢᠯᠡᠬᠦ ᠲᠠᠯ᠎ᠠ ᠪᠠᠷ ᠲᠤᠳᠠᠮᠠᠭ ᠪᠠᠶᠢᠬᠰᠡᠨ᠃ ᠭᠡᠳᠤᠨ ᠵᠢᠯ ᠤᠨ ᠲᠠᠪᠳᠠᠨ ᠪᠤᠯᠪᠠᠰᠤᠷᠠᠯᠳᠡ ᠪᠠᠷ ᠲᠠᠮᠵᠢᠭᠠᠳ ᠤᠳᠤ ᠡᠳᠡᠭᠡᠷ ᠢ ᠪᠦᠷ ᠵᠦᠪ ᠰᠠᠶᠢᠬᠠᠨ ᠰᠢᠢᠳᠪᠤᠷᠢᠯᠡᠵᠤ ᠴᠢᠳᠠᠨ᠎ᠠ ᠭᠡᠳᠡᠭ ᠲᠤ ᠢᠳᠡᠭᠡᠯ ᠲᠠᠢ ᠪᠤᠯᠤᠬᠰᠡᠨ︾ ᠭᠡᠵᠤ ᠲᠠᠷᠨ ᠶᠠᠷᠢᠨ᠎ᠠ᠃ ︽ᠬᠤᠶᠢᠰᠢᠳᠡ ᠪᠠᠰᠨ ᠦᠷᠭᠦᠯᠵᠢᠯᠡᠨ ᠭᠠᠴᠠᠭᠠᠨ ᠤ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠲᠠᠷᠠᠭ᠎ᠠ ᠠᠯᠬᠤᠮ ᠳᠤ ᠤᠨᠴᠠᠯᠢᠬᠳᠤ ᠲᠠᠬᠢᠶ᠎ᠠ ᠲᠡᠵᠢᠭᠡᠬᠦ ᠲᠦᠷᠦᠯ ᠵᠦᠢᠯ ᠵᠡᠷᠭᠡ ᠶᠢ ᠰᠠᠨᠠᠭᠠᠴᠢᠯᠠᠵᠤ ᠬᠢᠬᠦ ᠰᠠᠨᠠᠭ᠎ᠠ ᠲᠠᠢ︾ ᠭᠡᠵᠤ ᠲᠡᠷᠨ ᠪᠠᠰᠨ ᠵᠠᠯᠭᠠᠨ ᠶᠠᠷᠢᠨ᠎ᠠ᠃      ᠰᠤᠷᠪᠤᠯᠵᠢᠯᠠᠭ᠎ᠠ ᠲᠡᠭᠦᠰᠬᠦ ᠳᠤ ᠵᠠᠯᠠᠭᠤ ᠬᠠᠯᠠᠭᠤᠨ ᠨᠠᠰᠤ ᠪᠠᠨ ᠨᠠᠮ ᠪᠡ ᠠᠷᠠᠳ ᠲᠦᠮᠡᠨ ᠤ ᠦᠢᠯᠡᠰ ᠲᠤ ᠵᠤᠷᠢᠭᠤᠯᠵᠤ ᠶᠠᠪᠤᠭ᠎ᠠ ᠰᠠᠮᠵᠠᠶᠢᠵᠠᠪ ᠱᠦᠵᠢ ᠨᠠᠳᠠᠳᠤ ᠦᠨᠡᠭᠡᠷ ᠨᠢᠭᠡ ᠠᠭᠤᠤ ᠶᠡᠭᠡ ᠬᠦᠮᠤᠨ ᠤ ᠲᠦᠷᠢ ᠪᠤᠯᠵᠤ ᠬᠠᠷᠠᠬᠳᠠᠯ᠎ᠠ ᠁  
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ