ᠡᠵᠡᠨ ᠬᠤᠷᠤᠭ᠎ᠠ ᠬᠤᠰᠢᠭᠤᠨ ᠤ ᠨᠠᠷᠢᠨᠳᠤᠬᠤᠢ ᠪᠠᠯᠭᠠᠰᠤᠨ ᠳᠤ ᠪᠥᠬᠦ ᠬᠦᠷᠢᠶᠡᠨ ᠤ ᠪᠥᠭᠡᠮ ᠬᠦᠴᠢᠯ ᠤᠨ ᠪᠠᠶᠢᠴᠠᠭᠠᠯᠳᠠ ᠬᠢᠬᠦ ᠲᠤᠬᠠᠶ ᠮᠡᠳᠡᠭᠳᠡᠯ〔2022〕46 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2022/9/3
      ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠠᠷᠢᠨᠳᠤᠬᠤᠢ ᠪᠠᠯᠭᠠᠰᠤᠨ ᠳᠤ ᠪᠥᠬᠦ ᠬᠦᠷᠢᠶᠡᠨ ᠤ ᠪᠥᠭᠡᠮ ᠬᠦᠴᠢᠯ ᠤᠨ ᠪᠠᠶᠢᠴᠠᠭᠠᠯᠳᠠ ᠬᠢᠬᠦ ᠲᠤᠬᠠᠶ ᠮᠡᠳᠡᠭᠳᠡᠯ〔2022〕46 ᠳ᠋ᠤᠭᠠᠷ ᠲᠣᠭᠠᠲᠤ      ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪᠯᠡᠯ︶︾᠎ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠨᠠᠷᠢᠨᠳᠤᠬᠤᠢ ᠪᠠᠯᠭᠠᠰᠤᠨ ᠳᠤ ᠲᠡᠷᠡ ᠳᠠᠷᠤᠶ ᠳᠤᠨᠢ ᠲᠦᠷ ᠴᠠᠭ ᠤᠨ ᠴᠢᠨᠠᠷᠲᠠᠶ ᠪᠥᠬᠦ ᠬᠦᠷᠢᠶᠡᠨ ᠤ ᠴᠢᠨᠠᠷᠲᠠᠶ ᠬᠠᠮᠢᠶᠠᠷᠤᠨ ᠡᠵᠡᠮᠳᠡᠬᠦ ᠠᠵᠢᠯ ᠬᠢᠬᠦ ᠶᠢᠨ ᠬᠠᠮᠳᠤ 2022 ᠣᠨ ᠤ 9 ᠳ᠋ᠣᠭᠡᠷ ᠰᠠᠷ᠎ᠠ ᠶᠢᠨ 2᠎ ᠤᠨ ᠡᠳᠦᠷ ᠤᠨ 7 ᠴᠠᠭ ᠠᠴᠠ ᠡᠬᠢᠯᠡᠨ᠂ ᠨᠠᠷᠢᠨᠳᠤᠬᠤᠢ ᠪᠠᠯᠭᠠᠰᠤᠨ ᠳᠤ ᠪᠥᠬᠦ ᠬᠦᠷᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠪᠠᠷ ᠪᠣᠯᠪᠠ᠃        ᠨᠢᠭᠡ᠂ ᠨᠠᠷᠢᠨᠳᠤᠬᠤᠢ ᠪᠠᠯᠭᠠᠰᠤᠨ ᠤ ᠪᠥᠬᠦ ᠰᠠᠭᠤᠭᠠᠯᠢ ᠠᠷᠠᠳ ᠢᠳᠡᠪᠬᠢᠲᠡᠶ ᠬᠠᠮᠵᠢᠯᠴᠠᠵᠤ᠂ ᠲᠣᠭᠲᠠᠭᠰᠠᠨ ᠥᠯᠢᠭᠡᠷ ᠠᠪᠬᠤ ᠴᠠᠭ ᠤᠨ ᠳᠣᠲᠣᠷ᠎ᠠ ᠤᠶᠢᠷ᠎ᠠ ᠬᠠᠪᠢ ᠶᠢᠨ ᠪᠥᠭᠡᠮ ᠬᠦᠴᠢᠯ ᠤᠨ ᠥᠯᠢᠭᠡᠷ ᠠᠪᠬᠤ ᠴᠡᠭ ᠲᠤ ᠰᠠᠨᠠᠭᠠᠴᠢᠯᠠᠭ᠎ᠠ ᠠᠴᠠ ᠪᠠᠨ ᠬᠦᠷᠴᠦ ᠥᠯᠢᠭᠡᠷ ᠠᠪᠤᠭᠠᠷᠠᠶ᠃      ᠬᠤᠶᠠᠷ᠂ ᠦᠯᠢᠬᠡᠷ ᠠᠪᠬᠤ ᠳᠤ ᠬᠤᠪᠢ ᠬᠦᠮᠦᠨ ᠤ ᠬᠠᠮᠠᠭᠠᠯᠠᠯᠳᠠ ᠪᠠᠨ ᠰᠠᠶᠢᠳᠤᠷ ᠬᠢᠵᠦ᠂ ᠪᠦᠬᠦ ᠶᠠᠪᠤᠴᠠ ᠎ ᠳᠤ ᠠᠮᠠᠪᠴᠢ ᠵᠡᠬᠦᠵᠦ᠂ ᠨᠢᠬᠡ ᠮᠧᠲᠷ ᠤᠨ ᠠᠮᠤᠷ ᠲᠦᠪᠰᠢᠨ ᠤ ᠵᠠᠢ ᠶᠢ ᠪᠠᠳᠤᠯᠠᠵᠤ᠂ ᠬᠤᠷᠠᠨ ᠴᠤᠭᠯᠠᠷᠠᠬᠤ ᠠᠴᠠ ᠵᠠᠶᠢᠯᠠᠰᠬᠢᠵᠤ᠂ ᠰᠠᠨᠠᠭᠠᠴᠢᠯᠠᠭ᠎ᠠ ᠠᠴᠠ ᠪᠠᠨ ᠡᠷᠡᠬᠦᠯ ᠮᠡᠨᠳᠦ ᠶᠢᠨ ᠺᠤᠳ᠋᠂ ᠪᠡᠶ᠎ᠡ ᠶᠢᠨ ᠦᠨᠡᠮᠯᠡᠯ ᠢᠶᠠᠨ ᠭᠠᠷᠭᠠᠨ᠎ᠠ᠃ ᠦᠯᠢᠭᠡᠷ ᠠᠪᠬᠤ ᠠᠴᠠ ᠡᠮᠦᠨ᠎ᠡ 1 ᠴᠠᠭ ᠤᠨ ᠳᠣᠲᠣᠷ᠎ᠠ ᠲᠠᠮᠠᠬᠢ ᠲᠠᠲᠠᠬᠤ᠂ ᠠᠷᠢᠬᠢ ᠤᠤᠭᠤᠬᠤ᠂ ᠪᠣᠬᠢ ᠵᠠᠵᠢᠯᠬᠤ ᠵᠡᠷᠭᠡ ᠶᠢ ᠴᠡᠭᠡᠷᠯᠡᠵᠦ᠂ ᠪᠠᠶᠢᠴᠠᠭᠠᠯᠲᠠ ᠶᠢᠨ ᠦᠷ᠎ᠡ ᠳ᠋ᠦᠩ ᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ᠃ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠬᠦᠯᠢᠶᠡᠬᠦ ᠬᠤᠭᠤᠴᠠᠭᠠᠨ ᠳᠤ᠂ ᠴᠢᠬᠤᠯᠠ ᠪᠤᠰᠤ ᠭᠠᠳᠠᠭᠰᠢ ᠭᠠᠷᠬᠤ ᠶᠢ ᠠᠯᠢ ᠴᠢᠳᠠᠬᠤ ᠪᠠᠷ ᠪᠠᠭᠠᠰᠬᠠᠵᠤ᠂ ᠬᠥᠮᠦᠰ ᠲᠠᠢ ᠣᠶᠢᠷᠠᠳᠬᠤ ᠠᠴᠠ ᠵᠠᠶᠢᠯᠠᠰᠬᠢᠨ᠎ᠡ᠃      ᠭᠤᠷᠪᠠ᠂ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠲᠠᠢ ᠬᠥᠮᠦᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠤᠤᠷ᠎ᠠ᠂ ᠲᠣᠭᠲᠠᠭᠰᠠᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠴᠠᠭ ᠲᠤᠬᠠᠶ ᠳᠤᠨᠢ ᠬᠦᠷᠴᠦ ᠡᠮᠨᠡᠭᠦᠯᠵᠤ᠂ ᠲᠣᠰ ᠤᠳᠠᠭᠠᠨ ᠤ ᠪᠥᠭᠡᠮ ᠬᠦᠴᠢᠯ ᠤᠨ ᠥᠯᠢᠭᠡᠷ ᠠᠪᠬᠤ ᠠᠵᠢᠯᠯᠠᠭ᠎ᠠ ᠳᠤ ᠣᠷᠣᠯᠴᠠᠵᠤ ᠪᠣᠯᠬᠤ ᠥᠬᠡᠶ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠲᠠᠷᠢᠭᠰᠠᠨ 24 ᠴᠠᠭ ᠤᠨ ᠳᠣᠲᠣᠷ᠎ᠠ ᠪᠥᠭᠡᠮ ᠬᠦᠴᠢᠯ ᠤᠨ ᠥᠯᠢᠭᠡᠷ ᠠᠪᠬᠤ ᠰᠢᠯᠭᠠᠨ ᠪᠠᠶᠢᠴᠠᠭᠠᠯᠲᠠ ᠬᠢᠬᠦ ᠥᠬᠡᠶ ᠪᠠᠶᠢᠵᠤ᠂ ᠠᠳᠡᠭᠦᠦ ᠪᠠᠶᠢᠴᠠᠭᠠᠯᠲᠠ ᠭᠠᠷᠬᠤ ᠠᠴᠠ ᠵᠠᠶᠢᠯᠠᠰᠬᠢᠬᠦ ᠬᠡᠷᠡᠭᠲᠡᠶ᠃       ᠳᠥᠷᠪᠡ᠂ ᠥᠷᠭᠡᠨ ᠣᠯᠠᠨ ᠰᠠᠭᠤᠭᠠᠯᠢ ᠠᠷᠠᠳ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠷᠬᠠᠭᠠᠬᠤ ᠥᠬᠡᠶ ᠪᠠᠶᠢᠵᠤ᠂ ᠥᠯᠢᠭᠡᠷ ᠠᠪᠬᠤ ᠲᠤᠬᠠᠶ ᠶᠢᠨ ᠲᠠᠯᠠᠪᠠᠶ ᠶᠢᠨ ᠡᠮᠬᠢ ᠳᠢᠭᠯᠢᠮ ᠢ ᠤᠬᠠᠮᠰᠠᠷ ᠠᠴᠠ ᠪᠠᠨ ᠵᠢᠷᠤᠮᠯᠠᠵᠤ᠂ ᠪᠥᠭᠡᠮ ᠬᠦᠴᠢᠯ ᠤᠨ ᠥᠯᠢᠭᠡᠷ ᠠᠪᠬᠤ ᠶᠢ ᠬᠠᠷᠰᠢᠯᠠᠬᠤ᠂ ᠦᠨᠡᠨ ᠪᠤᠰᠤ ᠮᠡᠳᠡᠭᠡ ᠵᠠᠩᠭᠢ ᠶᠢ ᠳᠠᠮᠵᠢᠭᠤᠯᠵᠤ᠂ ᠬᠦᠨᠳᠦ ᠨᠣᠴᠢᠲᠠᠶ ᠨᠡᠶᠢᠭᠡᠮ ᠤᠨ ᠨᠥᠯᠥᠭᠡ ᠡᠬᠦᠰᠬᠡᠪᠡᠯ᠂ ᠬᠠᠤᠯᠢ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭ᠎ᠠ ᠨᠡᠬᠡᠮᠵᠢᠯᠡᠨ᠎ᠡ᠃            ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ             ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ                        2022 ᠣᠨ ᠤ 9 ᠳ᠋ᠣᠬᠡᠷ ᠰᠠᠷ᠎ᠠ ᠶᠢᠨ 2᠎ ᠤᠨ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号