ᠨᠠᠷᠢᠨᠰᠢᠯᠢ ᠲᠣᠰᠬᠤᠨ ᠤ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠳᠠᠶᠢᠴᠤᠳ ᠲᠤ ᠦᠨ᠎ᠡ ᠲᠥᠯᠥᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2022/9/6
      ᠤᠶᠢᠷ᠎ᠠ ᠳᠤ᠂ ᠬᠤᠨᠢᠴᠢᠡᠭᠤᠤᠯ ᠪᠠᠯᠭᠠᠰᠤᠨ ᠤ ᠨᠠᠷᠢᠨᠰᠢᠯᠢ ᠲᠣᠰᠬᠤᠨ  ᠬᠤᠨᠢᠴᠢᠡᠭᠤᠤᠯ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠮᠲᠤᠷᠠᠨ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠦᠨ᠎ᠡ ᠲᠥᠯᠥᠪᠦᠷᠢ ᠥᠬᠡᠶ ᠪᠠᠷ ᠡᠷᠡᠭᠦᠯ ᠮᠡᠨᠳᠦ ᠶᠢᠨ ᠪᠠᠶᠢᠴᠠᠭᠠᠯᠲᠠ ᠬᠢᠭᠰᠡᠨ ᠪᠠᠶᠢᠨ᠎ᠠ᠃      ᠪᠡᠶ᠎ᠡ ᠶᠢᠨ ᠪᠠᠶᠢᠴᠠᠭᠠᠯᠲᠠ ᠶᠢᠨ ᠲᠤᠬᠠᠶ ᠶᠢᠨ ᠲᠠᠯᠠᠪᠠᠶ ᠳᠤ᠂ ᠡᠮᠴᠢ ᠰᠤᠪᠢᠯᠠᠭᠴᠢᠳ ᠠᠴᠠ  ᠨᠠᠰᠤᠳᠠᠶᠢᠴᠤᠳ ᠲᠤ  ᠴᠢᠰᠤᠨ ᠤ ᠡᠩ ᠤᠨ ᠪᠠᠶᠢᠴᠠᠭᠠᠯᠳᠠ᠂ ᠰᠢᠭᠡᠰᠦᠨ ᠤ ᠡᠩ ᠤᠨ ᠪᠠᠶᠢᠴᠠᠭᠠᠯᠳᠠ᠂ B ᠬᠡᠲᠦ ᠳᠣᠯᠭᠢᠶᠠᠨ ᠪᠠ ᠵᠢᠷᠦᠬᠡᠨ ᠤ ᠯᠤᠭᠰᠢᠯᠲᠠ ᠶᠢᠨ ᠵᠢᠷᠤᠭ ᠵᠡᠷᠭᠡ ᠶᠢᠨ ᠪᠠᠶᠢᠴᠠᠭᠠᠯᠲᠠ ᠶᠢ ᠨᠠᠷᠢᠨ ᠬᠢᠨᠠᠮᠠᠭᠠᠶ ᠬᠢᠭᠰᠡᠨ ᠪᠦᠭᠡᠳ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ ᠳᠤ ᠲᠡᠮᠳᠡᠭᠯᠡᠨ ᠤᠷᠤᠭᠤᠯᠪᠠ᠃      ᠲᠤᠰ ᠤᠳᠠᠭᠠᠨ ᠤ ᠠᠵᠢᠯᠯᠠᠭ᠎ᠠ ᠨᠢ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠵᠦ᠂ ︽ᠡᠪᠡᠳᠴᠢᠨ ᠥᠬᠡᠶ ᠪᠣᠯ ᠰᠡᠷᠭᠡᠶᠢᠯᠡᠵᠦ᠂ ᠡᠪᠡᠳᠴᠢᠨ ᠲᠠᠢ ᠪᠣᠯ ᠡᠷᠲᠡ  ᠢᠯᠡᠷᠡᠬᠦᠯᠤᠨ᠂ ᠡᠷᠲᠡ ᠤᠨᠤᠰᠢᠯᠠᠵᠤ᠂ ᠡᠷᠲᠡ ᠡᠮᠨᠡᠨ ᠵᠠᠰᠠᠬᠤ︾᠎ ᠶᠢ ᠪᠡᠶᠡᠯᠡᠭᠦᠯᠦᠭᠰᠡᠨ ᠪᠥᠭᠡᠳ ᠨᠠᠰᠤᠲᠠᠶᠢᠴᠤᠳ ᠤᠨ ᠬᠡᠷ ᠤᠨ ᠡᠭᠦᠳᠡᠨ ᠳᠤ ᠪᠠᠨ ᠳᠥᠭᠦᠮ ᠳᠥᠲᠡ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ  ᠶᠢ ᠬᠦᠷᠲᠡᠭᠡᠵᠦ᠂ ᠥᠷᠭᠡᠨ ᠣᠯᠠᠨ ᠨᠠᠰᠤᠲᠠᠶᠢᠴᠤᠳ ᠲᠤ ᠡᠷᠡᠭᠦᠯ ᠮᠡᠨᠳᠦ ᠶᠢᠨ ᠬᠠᠯᠬᠠᠪᠴᠢ ᠶᠢ ᠪᠠᠲᠤ ᠴᠣᠭᠴᠠᠯᠠᠵᠤ ᠦᠭᠬᠦᠭᠰᠡᠨ ᠪᠠᠶᠢᠨ᠎ᠠ᠃      ᠣᠳᠣᠬᠠᠨ ᠪᠣᠯᠲᠠᠯ᠎ᠠ᠂ ᠪᠥᠬᠦ ᠲᠣᠰᠬᠤᠨ ᠤ 230 ᠭᠠᠷᠤᠶ ᠨᠠᠰᠤᠳᠠᠶᠢᠴᠤᠳ ᠰᠦᠢᠳᠬᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠪᠠᠶᠢᠴᠠᠭᠠᠯᠲᠠ ᠬᠢᠯᠭᠡᠭᠰᠡᠨ ᠪᠠᠶᠢᠨ᠎ᠠ᠃ᠢᠷᠡᠯᠳᠡ᠄ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ