ᠡᠵᠡᠨ ᠬᠤᠷᠤᠭ᠎ᠠ ᠬᠤᠰᠢᠭᠤ᠄ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠭᠤᠶᠢᠳᠠ ᠰᠠᠶᠢᠬᠠᠨ ︽ᠬᠠᠷᠢᠭᠤᠯᠲᠠ ᠶᠢᠨ ᠬᠠᠭᠤᠳᠠᠰᠤ︾᠎ ᠶᠢ ᠪᠢᠴᠢᠭᠯᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠵᠢᠷᠤᠭ ᠲᠥᠰᠦᠪ ᠢ ᠵᠢᠷᠤᠭᠯᠠᠨ᠎ᠠ
ᠨᠡᠶᠢᠲᠡᠯᠡᠭᠰᠡᠨ ᠴᠠᠭ᠄
2023/1/15
      2022 ᠣᠨ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ᠬᠤᠷᠢᠭ᠎ᠠ ᠱᠤᠭᠤᠮ ᠢ ᠰᠠᠬᠢᠵᠤ᠂ ᠬᠥᠭᠵᠢᠯᠲᠡ ᠶᠢ ᠠᠳᠬᠤᠨ᠂ ᠬᠥᠭᠵᠢᠯ ᠮᠠᠨᠳᠤᠯ ᠢ ᠠᠬᠢᠭᠤᠯᠵᠤ᠂ ᠦᠷᠭᠦᠯᠵᠢᠯᠡᠨ ᠲᠡᠮᠡᠴᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠪᠠ᠃      ᠬᠠᠷᠠᠯᠲᠠ ᠪᠠᠨ ᠲᠣᠭᠲᠠᠭᠠᠵᠤ᠂ ᠬᠠᠷᠠᠯᠲᠠ ᠵᠦᠭ ᠢᠶᠠᠨ  ᠬᠦᠴᠦᠯᠡᠨ᠎ᠡ᠃ ᠡᠵᠡᠨ ᠬᠤᠷᠤᠭ᠎ᠠ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠠᠰᠤᠷᠠᠯᠲᠠ ᠥᠬᠡᠶ ᠴᠢᠩᠭᠠᠳᠬᠠᠵᠤ᠂ ᠨᠠᠮ ᠵᠠᠰᠠᠭ ᠤᠨ ᠭᠤᠤᠯ ᠤᠳᠤᠷᠢᠳᠤᠯᠭ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠠᠵᠢᠯ ᠤᠨ ᠪᠠᠶᠢᠳᠠᠯ ᠢ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠬᠤᠰᠢᠭᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠦᠨᠳᠦᠰᠦᠨ ᠱᠠᠲᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠪᠠ᠃ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠲᠦᠷᠦᠭᠦᠯᠡᠨ ᠶᠡᠷᠦᠩᠬᠡᠶᠢᠯᠡᠨ ᠠᠳᠬᠤᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠡᠯ᠎ᠡ ᠪᠦᠷᠢᠯᠳᠦᠬᠦᠨ ᠨᠢᠭᠡᠴᠢ ᠶᠢ ᠱᠠᠯᠠᠪᠳᠠᠭᠤᠯᠤᠨ ᠬᠠᠷᠢᠭᠤᠴᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠵᠠᠰᠠᠭ ᠤᠨ ᠠᠵᠢᠯ ᠤᠨ ᠠᠮᠵᠢᠯᠲᠠ ᠶᠢ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠤᠳᠤᠷᠢᠳᠬᠤ ᠪᠠᠭ ᠪᠣᠯᠤᠨ ᠬᠤᠯᠪᠣᠭᠳᠠᠯ ᠪᠥᠬᠦᠶ ᠤᠳᠤᠷᠢᠳᠬᠤ ᠺᠠᠳ᠋ᠷ ᠤᠨ ᠶᠡᠷᠦᠩᠬᠡᠶᠢᠯᠡᠭᠰᠡᠨ ᠦᠨᠡᠯᠡᠯᠲᠡ ᠶᠢᠨ ᠴᠢᠬᠤᠯᠠ ᠯᠠᠪᠯᠠᠯᠲᠠ ᠪᠣᠯᠭᠠᠵᠤ᠂ ᠰᠠᠶᠢᠰᠢᠶᠠᠨ ᠬᠥᠬᠢᠭᠦᠯᠵᠦ ᠬᠠᠷᠢᠭᠤᠴᠠᠯᠭ᠎ᠠ ᠲᠤᠯᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠲᠠᠪᠤᠨ ᠱᠠᠲᠤᠨ ᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠ ︽ᠪᠠᠶᠢᠩᠭᠤ ᠶᠢᠨ ᠬᠤᠷᠢᠶ᠎ᠠ ᠪᠠᠯᠭᠠᠰᠤ ᠶᠢ ᠳᠠᠭᠠᠭᠠᠴᠢᠯᠠᠬᠤ᠂ ᠰᠢᠶᠠᠨ ᠤ ᠱᠠᠲᠤᠨ ᠤ ᠤᠳᠤᠷᠢᠳᠤᠯᠭ᠎ᠠ ᠬᠡᠰᠡᠭ ᠢ ᠳᠠᠭᠠᠭᠠᠴᠢᠯᠠᠬᠤ᠂ ᠰᠠᠯᠠᠭ᠎ᠠ ᠮᠥᠴᠢᠷ ᠲᠣᠰᠬᠤᠨ ᠢ ᠳᠠᠭᠠᠭᠠᠴᠢᠯᠠᠬᠤ᠂ ᠺᠠᠳ᠋ᠷ ᠡᠷᠦᠬᠡ ᠶᠢ ᠳᠠᠭᠠᠭᠠᠴᠢᠯᠠᠬᠤ︾ ︽ᠳᠥᠷᠪᠡᠨ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠲᠣᠭᠲᠠᠴᠠ︾᠎ ᠶᠢ ᠪᠠᠶᠢᠭᠤᠯᠵᠤ᠂ 24 ᠬᠤᠲᠠ ᠶᠢᠨ ᠰᠢᠭᠤᠳ ᠬᠠᠷᠢᠶ᠎ᠠ ᠨᠢᠭᠡᠴᠡ ᠵᠢᠴᠢ 109 ᠬᠤᠰᠢᠭᠤᠨ ᠤ ᠰᠢᠭᠤᠳ ᠬᠠᠷᠢᠶ᠎ᠠ ᠨᠢᠭᠡᠴᠡ ᠠᠴᠠ ᠨᠡᠶᠢᠲᠡ 177 ᠨᠡᠷᠡᠰ ᠭᠠᠴᠠᠭ᠎ᠠ ᠲᠣᠰᠬᠤᠨ ᠢ ᠳᠠᠭᠠᠭᠠᠴᠢᠯᠠᠨ ᠬᠠᠷᠢᠯᠴᠠᠬᠤ ᠺᠠᠳ᠋ᠷ ᠲᠣᠮᠢᠯᠠᠨ᠂ 138 ᠭᠠᠴᠠᠭ᠎ᠠ ᠲᠣᠰᠬᠤᠨ ᠲᠠᠢ ᠬᠠᠪᠰᠤᠷᠤᠨ ᠲᠡᠳᠬᠦᠬᠦ ᠬᠠᠪᠰᠤᠷᠤᠯᠴᠠᠭ᠎ᠠ ᠪᠠᠶᠢᠭᠤᠯᠵᠤ᠂ ᠬᠤᠲᠠ᠂ ᠬᠤᠰᠢᠭᠤ᠂ ᠰᠠᠯᠠᠭ᠎ᠠ ᠮᠥᠴᠢᠷ᠂ ᠪᠠᠯᠭᠠᠰᠤ᠂ ᠲᠣᠰᠬᠤᠨ ᠬᠠᠷᠢᠯᠴᠠᠨ ᠬᠤᠯᠪᠣᠭᠠᠯᠠᠭᠰᠠᠨ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠯᠳᠦᠭᠦᠯᠪᠡ᠃      ᠵᠣᠬᠢᠶᠠᠨ ᠪᠠᠶᠢᠭᠤᠯᠵᠤ ᠬᠥᠲᠥᠯᠥᠨ ᠳᠠᠭᠠᠭᠤᠯᠵᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ  ᠬᠡᠷᠡᠭᠯᠡᠪᠡ᠃      ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠲᠠᠯ᠎ᠠ ᠪᠠᠷ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠦᠷᠭᠦᠯᠵᠢᠯᠡᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠬᠤ ᠨᠠᠰᠤᠨ ᠤ ᠬᠡᠦᠬᠡᠳ ᠪᠠᠭᠠᠴᠤᠳ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠢ ᠰᠠᠶᠢᠲᠤᠷ ᠠᠳᠬᠤᠨ᠎ᠠ᠃ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠬᠡᠷ ᠪᠦᠯᠢ ᠶᠢᠨ ᠦᠷ᠎ᠡ ᠬᠡᠦᠬᠡᠳ ᠲᠤ ᠰᠤᠷᠤᠯᠭ᠎ᠠ ᠪᠠᠨ ᠳᠣᠷᠭᠤᠨ ᠵᠣᠭᠰᠣᠭᠰᠠᠨ ᠪᠠᠶᠢᠳᠠᠯ ᠭᠠᠷᠤᠭᠰᠠᠨ ᠥᠬᠡᠶ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 100 %᠎ ᠳᠤ ᠬᠥᠷᠪᠡ᠃ 2022 ᠣᠨ ᠳᠤ᠂ ᠪᠥᠬᠦ ᠬᠤᠰᠢᠭᠤᠨ ᠤ ᠬᠤᠷ᠎ᠠ ᠪᠣᠷᠣᠭᠠᠨ ᠤ ᠲᠥᠯᠥᠪᠯᠡᠭᠡ ᠳᠤ ᠨᠡᠶᠢᠴᠡᠭᠰᠡᠨ ᠨᠥᠬᠦᠪᠥᠷᠢ ᠶᠢ ᠨᠡᠶᠢᠲᠡ 17 ᠬᠥᠮᠦᠨ ᠤᠳᠠᠭ᠎ᠠ᠂ ᠬᠥᠮᠦᠨ ᠪᠦᠷᠢ ᠳᠤ ᠰᠤᠷᠤᠯᠭ᠎ᠠ ᠶᠢᠨ ᠬᠤᠭᠤᠴᠠᠭ᠎ᠠ ᠪᠦᠷᠢ ᠳᠤ 1500 ᠲᠥᠭᠦᠷᠢᠭ᠂ ᠨᠡᠶᠢᠲᠡ 25500 ᠲᠥᠭᠦᠷᠢᠭ ᠣᠯᠭᠤᠨ᠎ᠠ᠃       ᠡᠷᠡᠭᠦᠯ ᠡᠩᠬᠡ ᠪᠠᠷ ᠬᠠᠪᠰᠤᠷᠤᠨ ᠲᠡᠳᠬᠦᠬᠦ ᠲᠠᠯ᠎ᠠ ᠪᠠᠷ᠂ ᠰᠤᠮᠤ ᠰᠢᠶᠠᠩ ᠪᠠᠯᠭᠠᠰᠤ ᠨᠢᠭᠡᠪᠦᠷᠢ ᠳᠤ ᠴᠥᠮ 1 ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠪᠠᠶᠢᠯᠭᠠᠬᠤ᠂ ᠵᠠᠰᠠᠭ ᠵᠠᠬᠢᠷᠭᠠᠨ ᠤ ᠲᠣᠰᠬᠤᠨ ᠨᠢᠭᠡᠪᠦᠷᠢ ᠳᠤ ᠴᠥᠮ 1 ᠡᠷᠡᠭᠦᠯ ᠬᠠᠮᠠᠭᠠᠯᠠᠯ ᠤᠨ ᠲᠠᠰᠤᠭ ᠲᠠᠢ ᠪᠠᠶᠢᠯᠭᠠᠬᠤ ᠶᠢ ᠨᠢᠭᠡᠨᠲᠡ ᠪᠡᠶᠡᠯᠡᠭᠦᠯᠵᠦ ᠂  ᠦᠢᠯᠡᠴᠢᠯᠡᠭᠡᠨ ᠤ ᠵᠠᠶ ᠪᠠᠷ ᠨᠡᠯᠢᠶᠡᠳ ᠶᠡᠭᠡ᠂ ᠬᠥᠮᠦᠨ ᠠᠮᠠ ᠨᠡᠯᠢᠶᠡᠳ ᠲᠠᠷᠠᠬᠠᠶ ᠰᠠᠭᠤᠵᠤ ᠪᠠᠶᠢᠭ᠎ᠠ ᠭᠠᠴᠠᠭ᠎ᠠ ᠲᠣᠰᠬᠤᠨ ᠳᠤ ᠨᠡᠭᠦᠳᠡᠯ ᠡᠮᠴᠢᠯᠡᠭᠡᠨ ᠤ ᠦᠶ᠋ᠯᠡᠴᠢᠯᠡᠭᠡ ᠬᠠᠩᠭᠠᠵᠤ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠨᠣᠷᠮ᠎ᠠ ᠶᠢ 100 %᠎ ᠳᠤ ᠬᠦᠷᠦᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠭᠤᠷᠪᠠᠨ ᠳᠠᠪᠬᠤᠷ ᠪᠠᠲᠤᠯᠠᠭ᠎ᠠ ᠶᠢ ᠪᠡᠶᠡᠯᠡᠭᠦᠯᠦᠨ᠎ᠡ᠃ ᠡᠭᠦᠨ ᠳᠤ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠰᠢᠨᠵᠢᠭᠰᠡᠨ ᠡᠷᠦᠬᠡ 2747 ᠬᠥᠮᠦᠨ ᠤᠳᠠᠭ᠎ᠠ ︽ᠨᠢᠭᠡ ᠥᠷᠲᠡᠭᠡ ᠮᠠᠶ᠋ᠢᠭ︾᠎ ᠤᠨ ᠳ᠋ᠦᠩᠨᠡᠨ ᠪᠤᠳᠤᠯᠲᠠ ᠶᠢ ᠭᠥᠷᠳᠡᠵᠦ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠵᠠᠷᠤᠳᠠᠯ ᠨᠡᠶᠢᠲᠡ 260 . 7 ᠲᠦᠮᠡᠨ ᠲᠥᠭᠦᠷᠢᠭ ᠢ ᠲᠠᠩᠰᠠ ᠳᠡᠶᠢᠯᠵᠦ᠂ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ᠂ ᠡᠪᠡᠳᠴᠢᠨ ᠠᠴᠠ ᠪᠣᠯᠵᠣ ᠶᠠᠳᠠᠭᠤᠷᠠᠬᠤ ᠶᠢ ᠡᠷᠡᠰ ᠰᠡᠷᠭᠡᠶᠢᠯᠡᠪᠡ᠃      ᠣᠷᠣᠨ ᠰᠠᠭᠤᠴᠠ ᠶᠢᠨ ᠠᠮᠤᠷ ᠲᠦᠪᠰᠢᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠪᠥᠬᠦ ᠬᠤᠰᠢᠭᠤᠨ ᠤ 2021 ᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ 64 ᠡᠷᠦᠬᠡ ᠶᠢᠨ ᠠᠵᠢᠯ ᠢ ᠨᠢᠭᠡᠨᠲᠡ ᠳᠠᠭᠤᠰᠬᠠᠵᠠᠶ᠃ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠥᠪᠡᠰᠦᠪᠡᠨ ᠬᠡᠷ ᠪᠠᠶᠢᠰᠢᠩ ᠪᠠᠶᠢᠭᠤᠯᠬᠤ ᠳᠤ ︽ᠬᠡᠪᠢᠰ ᠤᠨ ᠬᠡᠯᠪᠡᠷᠢ︾᠎ ᠶᠢᠨ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠬᠡᠮ ᠰᠣᠭᠤᠭ ᠢ ᠬᠢᠨᠠᠨ ᠲᠣᠭᠲᠠᠭᠠᠭᠰᠠᠨ ᠦᠷ᠎ᠡ ᠳ᠋ᠦᠩ ᠢ ᠠᠩᠬ᠎ᠠ ᠠᠯᠬᠤᠮ ᠮᠠᠭᠠᠳᠯᠠᠭᠰᠠᠨ ᠬᠡᠷ ᠪᠠᠶᠢᠰᠢᠩ ᠢ ᠨᠢᠭᠡᠨᠲᠡ ᠴᠡᠭᠴᠡᠯᠡᠨ ᠵᠠᠰᠠᠵᠤ ᠳᠠᠭᠤᠰᠬᠠᠪᠠ᠃      ᠤᠤᠭᠤᠬᠤ ᠤᠰᠤᠨ ᠤ ᠠᠮᠤᠷ ᠲᠦᠪᠰᠢᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠤᠰᠤᠨ ᠴᠥᠭᠦᠷᠥᠮ᠂ ᠨᠦᠯᠦᠮᠡᠯ ᠭᠠᠵᠠᠷ ᠤᠨ ᠬᠠᠰᠢᠯᠭ᠎ᠠ ᠪᠠ ᠦᠶᠡᠷ ᠵᠠᠯᠠᠬᠤ ᠭᠤᠤ ᠵᠡᠷᠭᠡ ᠴᠢᠬᠤᠯᠠ ᠪᠠᠷᠢᠯᠭ᠎ᠠ ᠶᠢᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠪᠠᠶᠢᠴᠠᠭᠠᠯᠲᠠ ᠶᠢ ᠴᠢᠩᠭᠠᠳᠬᠠᠵᠤ᠂ ᠢᠯᠡᠷᠡᠭᠰᠡᠨ ᠳᠠᠯᠳᠠ ᠬᠡᠮ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠱᠠᠭᠠᠷᠳᠠᠯᠭ᠎ᠠ ᠶᠣᠰᠣᠭᠠᠷ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ ᠶᠢ ᠨᠥᠬᠦᠪᠥᠷᠢᠯᠡᠵᠦ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠤᠰᠤᠨ ᠰᠤᠷᠪᠤᠯᠵᠢ ᠶᠢᠨ ᠢᠨᠵᠧᠨᠧᠷᠢᠩ ᠢ ᠵᠠᠰᠠᠨ ᠰᠡᠷᠭᠦᠭᠡᠵᠦ᠂ ᠪᠦᠬᠦ ᠬᠤᠰᠢᠭᠤᠨ ᠤ 306 ᠤᠰᠤ ᠤᠮᠳᠠ ᠶᠢᠨ ᠠᠮᠤᠷ ᠲᠦᠪᠰᠢᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠪᠠᠶᠢᠴᠠᠭᠠᠨ ᠣᠶᠢᠯᠠᠭᠠᠵᠤ᠂ ᠮᠠᠰᠢᠨ ᠴᠠᠬᠢᠯᠭᠠᠨ ᠬᠤᠳᠳᠤᠭ 10 ᠵᠢᠴᠢ ᠢᠵᠢ ᠪᠦᠷᠢᠳᠦᠭᠰᠡᠨ 13 ᠰᠠᠤᠷᠢ ᠮᠠᠰᠢᠨ ᠬᠥᠭᠡᠷᠭᠡ᠂ 7 ᠰᠠᠤᠷᠢ ᠬᠤᠳᠳᠤᠭ ᠤᠨ ᠭᠡᠷ ᠪᠠᠶᠢᠰᠢᠩ᠂ 6 ᠰᠠᠤᠷᠢ ᠤᠰᠤ ᠬᠠᠳᠠᠭᠠᠯᠠᠬᠤ ᠲᠠᠲᠠᠭᠠᠯ ᠢ ᠰᠡᠯᠪᠢᠨ ᠵᠠᠰᠠᠵᠤ᠂ 6 ᠰᠠᠤᠷᠢ ᠤᠰᠤ ᠬᠠᠳᠠᠭᠠᠯᠠᠬᠤ ᠲᠠᠲᠠᠭᠠᠯ᠂ 191 . 97  ᠺᠢᠯᠤᠮᠧᠲᠷ ᠬᠤᠭᠤᠯᠠᠢ ᠶᠢ ᠰᠡᠯᠪᠢᠨ ᠵᠠᠰᠠᠵᠤ᠂ 8 ᠰᠠᠤᠷᠢ ᠰᠢᠩᠭᠡᠨ ᠪᠡᠶᠡᠲᠦ ᠲᠠᠲᠠᠯᠲᠠ ᠶᠢᠨ ᠡᠵᠡᠮᠰᠢᠭᠦᠷ ᠤᠭᠰᠠᠷᠠᠵᠤ᠂ 1 ᠰᠠᠤᠷᠢ ᠬᠦᠴᠦᠳᠡᠯ ᠥᠭᠡᠷᠡᠴᠢᠯᠡᠭᠴᠢ ᠶᠢ ᠤᠭᠰᠠᠷᠠᠵᠤ᠂ 789 . 41 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃      ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠦᠨᠳᠦᠰᠦᠨ ᠵᠦᠶ᠋ᠯ ᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠠᠪᠤᠷᠠᠨ ᠲᠤᠰᠠᠯᠠᠬᠤ ᠪᠠᠷᠢᠮᠵᠢᠶ᠎ᠠ ᠳᠤ ᠬᠥᠳᠡᠯᠦᠩᠭᠦᠶ ᠲᠣᠬᠢᠷᠠᠭᠤᠯᠤᠯᠲᠠ ᠬᠢᠵᠦ᠂ ᠪᠥᠬᠦ ᠬᠤᠰᠢᠭᠤᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠵᠢᠯ ᠳᠤ 7200 ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠤᠲᠠ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 840 ᠲᠥᠭᠦᠷᠢᠭ ᠪᠣᠯᠭᠠᠨ ᠳᠡᠭᠡᠭᠰᠢᠯᠡᠭᠦᠯᠵᠦ᠂ ᠳᠡᠭᠡᠷ᠎ᠡ ᠵᠢᠯ ᠤᠨ ᠬᠢ ᠠᠴᠠ ᠲᠣᠰ ᠲᠣᠰ 7 % ᠪᠠ 6 %᠎ ᠪᠠᠷ ᠳᠡᠭᠡᠭᠰᠢᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠭᠡᠳ ᠬᠥᠮᠦᠨ ᠨᠢᠭᠡᠪᠦᠷᠢ ᠵᠢᠯ ᠳᠤ 10920 ᠲᠥᠭᠦᠷᠢᠭ ᠪᠣᠯᠭᠠᠵᠤ᠂ ᠳᠡᠭᠡᠷ᠎ᠡ ᠵᠢᠯ ᠤᠨ ᠬᠢ ᠠᠴᠠ 7 %᠎ ᠪᠠᠷ ᠳᠡᠭᠡᠭᠰᠢᠯᠡᠭᠦᠯᠪᠡ᠃ 2022 ᠣᠨ ᠳᠤ 200 ᠡᠷᠦᠬᠡ ᠶᠢᠨ 339 ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ ᠲᠤ 302 . 1 ᠲᠦᠮᠡᠨ ᠲᠥᠭᠦᠷᠢᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ ᠣᠯᠭᠤᠪᠠ︔ 1527 ᠡᠷᠦᠬᠡ ᠶᠢᠨ 3085 ᠨᠡᠷᠡᠰ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠭᠰᠡᠳ ᠲᠤ 1964 . 7 ᠲᠦᠮᠡᠨ ᠲᠥᠭᠦᠷᠢᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ ᠣᠯᠭᠤᠪᠠ︔ ᠬᠦᠴᠢᠷᠳᠡᠯᠲᠡᠶ ᠣᠯᠠᠨ ᠲᠦᠮᠡᠨ ᠢ ᠲᠦᠷ ᠴᠠᠭ ᠠᠪᠤᠷᠠᠨ ᠲᠤᠰᠠᠯᠠᠬᠤ ᠳᠤ 698 ᠬᠥᠮᠦᠨ ᠤᠳᠠᠭ᠎ᠠ 220 ᠲᠦᠮᠡᠨ ᠲᠥᠭᠦᠷᠢᠭ ᠤᠨ ᠲᠦᠷ ᠴᠠᠭ ᠠᠪᠤᠷᠠᠨ ᠲᠤᠰᠠᠯᠠᠬᠤ ᠮᠥᠩᠭᠦ ᠲᠠᠷᠬᠠᠭᠠᠪᠠ︔ 1741 ᠬᠦᠨᠳᠦ ᠵᠡᠮᠳᠡᠭ ᠬᠥᠮᠦᠨ ᠳᠤ 62 . 68 ᠲᠦᠮᠡᠨ ᠲᠥᠭᠦᠷᠢᠭ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠪᠡᠯᠡ ᠮᠥᠩᠭᠦ ᠶᠢ ᠪᠦᠬᠦᠨ ᠢ ᠣᠷᠣᠯᠠᠨ ᠲᠤᠰᠢᠶᠠᠵᠠᠶ︔ ᠵᠡᠮᠳᠡᠭᠴᠦᠳ ᠣᠨ ᠡᠮᠨᠡᠯᠭᠡ ᠳᠤ ᠰᠠᠭᠤᠵᠤ ᠡᠮᠨᠡᠭᠦᠯᠬᠦ ᠪᠡᠯᠡ ᠮᠥᠩᠭᠦ 28 . 37 ᠲᠦᠮᠡᠨ ᠲᠥᠭᠦᠷᠢᠭ ᠢ ᠨᠠᠢᠳᠠᠪᠤᠷᠢᠵᠢᠭᠤᠯᠪᠠ︔ 949 ᠬᠦᠨᠳᠦ ᠵᠡᠮᠳᠡᠭ ᠬᠥᠮᠦᠨ ᠳᠤ 18 . 98 ᠲᠦᠮᠡᠨ ᠲᠥᠭᠦᠷᠢᠭ ᠤᠨ ᠨᠠᠰᠤᠵᠢᠯ ᠤᠨ ᠳᠠᠭᠠᠳᠬᠠᠯ ᠤᠨ ᠰᠦᠢᠳᠭᠡᠯ ᠢ ᠣᠷᠣᠯᠠᠨ ᠲᠤᠰᠢᠶᠠᠵᠤ᠂ ᠣᠷᠣᠯᠠᠨ ᠲᠤᠰᠢᠶᠠᠭᠰᠠᠨ ᠨᠣᠷᠮ᠎ᠠ ᠨᠢ 100 %᠎ ᠳᠤ ᠬᠦᠷᠴᠡᠶ᠃      ᠯᠠᠪᠳᠠᠭᠤᠨ ᠪᠠᠲᠤᠲᠠᠢ ᠠᠬᠢᠭᠤᠯᠵᠤ᠂ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠪᠠ᠃ ︽ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠬᠦ ᠠᠵᠢᠯ ᠤᠨ ᠲᠥᠰᠦᠯ︾᠂ ︽ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠ ᠶᠠᠳᠠᠭᠤ ᠬᠦᠴᠢᠷᠳᠡᠯ ᠢ ᠰᠡᠷᠭᠡᠶᠢᠯᠡᠬᠦ ᠪᠠᠲᠤᠯᠠᠭ᠎ᠠ ᠶᠢᠨ ᠬᠡᠷᠡᠭᠵᠢᠭᠦᠯᠬᠦ ᠲᠥᠰᠦᠯ︾᠎ ᠢ ᠲᠣᠭᠲᠠᠭᠠᠨ ᠨᠡᠶᠢᠲᠡᠯᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠤᠨ ᠰᠢᠰᠲ᠋ᠧᠮ ᠢ ᠪᠦᠷᠢᠯᠳᠦᠭᠦᠯᠪᠡ᠃ ︽ᠤᠯᠤᠰ ᠤᠨ ᠥᠮᠴᠢᠯᠡᠯᠲᠦ ᠺᠣᠮᠫᠠᠨᠢ + ᠲᠣᠯᠣᠭᠠᠶᠢᠯᠠᠭᠴᠢ ᠠᠵᠤ ᠠᠬᠤᠶᠢᠯᠠᠯ + ᠬᠤᠷᠰᠢᠶᠠᠵᠢᠯ + ᠮᠠᠯᠴᠢᠨ ᠲᠠᠷᠢᠶᠠᠴᠢᠨ ᠡᠷᠦᠬᠡ︾᠎ ᠶᠢᠨ ᠣᠷᠣᠯᠭ᠎ᠠ ᠶᠢ ᠨᠡᠮᠡᠭᠳᠡᠭᠦᠯᠬᠦ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠵᠦ᠂ ᠪᠥᠬᠦ ᠬᠤᠰᠢᠭᠤᠨ ᠤ 138 ᠲᠣᠰᠬᠤᠨ ᠤ ᠬᠠᠮᠲᠤ ᠶᠢᠨ ᠠᠵᠤ ᠠᠬᠤᠶ ᠶᠢᠨ ᠡᠵᠡᠩᠨᠡᠯᠲᠡ ᠶᠢᠨ ᠴᠢᠨᠠᠷᠲᠠᠶ ᠣᠷᠣᠯᠭ᠎ᠠ 15 ᠲᠦᠮᠡᠨ ᠲᠥᠭᠦᠷᠢᠭ ᠢ ᠳᠠᠪᠠᠵᠤ᠂ 2022 ᠣᠨ ᠤ 11 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ᠋ᠢᠯᠡ ᠡᠵᠡᠩᠨᠡᠯᠲᠡ ᠶᠢᠨ ᠴᠢᠨᠠᠷᠲᠠᠶ ᠣᠷᠣᠯᠭ᠎ᠠ 3 . 8 ᠳ᠋ᠦᠩᠰᠢᠭᠤᠷ ᠲᠥᠭᠦᠷᠢᠭ ᠲᠤ ᠬᠥᠷᠪᠡ᠃ 1000 ᠲᠦᠮᠡᠨ ᠲᠥᠭᠦᠷᠢᠭ ᠤᠨ ᠲᠤᠰᠬᠠᠶ ᠵᠦᠶ᠋ᠯ ᠤᠨ ᠪᠡᠯᠡ ᠮᠥᠩᠭᠦ ᠪᠠᠶᠢᠭᠤᠯᠵᠤ ᠵᠢᠭᠡᠯᠡᠯᠭᠡ ᠶᠢᠨ ᠳᠠᠮ ᠬᠦᠦ ᠳᠤ ᠬᠡᠷᠡᠭᠯᠡᠨ᠎ᠡ᠃ ᠣᠳᠣᠬᠠᠨ ᠪᠣᠯᠲᠠᠯ᠎ᠠ᠂ ᠲᠠᠪᠤᠨ ᠬᠠᠮᠲᠤᠷᠠᠯᠴᠠᠭᠠᠨ ᠤ ᠪᠠᠩᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠭᠡᠯᠡᠯᠭᠡ ᠶᠢ 1700 ᠬᠤᠪᠢ᠂ ᠨᠡᠶᠢᠲᠡ 5 . 6 ᠳ᠋ᠦᠩᠰᠢᠭᠤᠷ ᠲᠥᠭᠦᠷᠢᠭ ᠲᠠᠷᠬᠠᠭᠠᠪᠠ︔ ᠨᠡᠶᠢᠲᠡ 291 ᠬᠤᠪᠢ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠲᠠᠯᠪᠢᠵᠤ᠂ 1282 . 6 ᠲᠦᠮᠡᠨ ᠲᠥᠭᠦᠷᠢᠭ᠂ 640 . 9 ᠲᠦᠮᠡᠨ ᠲᠥᠭᠦᠷᠢᠭ ᠤᠨ ᠦᠯᠡᠳᠡᠪᠦᠷᠢ ᠲᠠᠢ᠃ 2022 ᠣᠨ ᠳᠤ᠂ ᠠᠵᠤ ᠠᠬᠤᠶᠢᠯᠠᠯ ᠪᠣᠯᠤᠨ ᠣᠷᠣᠨ ᠨᠤᠲᠤᠭ ᠬᠦᠴᠦ ᠪᠠᠨ ᠬᠠᠮᠲᠤᠳᠬᠠᠨ ᠬᠡᠷᠡᠭᠯᠡᠭᠡᠨ ᠢᠶᠠᠷ ᠬᠠᠪᠰᠤᠷᠤᠨ ᠲᠡᠳᠬᠦᠬᠦ ᠭᠡᠷ᠎ᠡ ᠲᠣᠭᠲᠠᠭᠰᠠᠨ ᠲᠥᠷᠥᠯ  ᠵᠦᠢᠯ ᠨᠡᠶᠢᠲᠡ 49 ᠪᠠᠶᠢᠵᠤ᠂ 3 . 89 ᠳ᠋ᠦᠩᠰᠢᠭᠤᠷ ᠲᠥᠭᠦᠷᠢᠭ ᠲᠤ ᠬᠦᠷᠴᠡᠶ᠃      ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠳᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠬᠠᠪᠰᠤᠷᠤᠨ ᠲᠡᠳᠬᠦᠬᠦ ᠲᠠᠯ᠎ᠠ ᠪᠠᠷ᠂ ᠡᠷᠦᠬᠡ ᠳᠤ ᠣᠷᠣᠵᠤ ︽ᠨᠢᠭᠡ ᠶᠢ ᠨᠢᠭᠡ︾ ᠠᠵᠢᠯ ᠣᠯᠭᠤᠵᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠤᠬᠠᠭᠤᠯᠬᠤ ᠪᠠᠷ ᠳᠠᠮᠵᠢᠭᠤᠯᠤᠨ᠂ ᠶᠠᠳᠠᠭᠤ ᠠᠴᠠ ᠠᠩᠭᠢᠵᠢᠷᠠᠭᠤᠯᠤᠨ ᠠᠵᠢᠯ ᠣᠯᠭᠤᠬᠤ ᠬᠡᠷᠡᠭᠴᠡᠭᠡ ᠱᠠᠭᠠᠷᠳᠠᠯᠭ᠎ᠠ ᠲᠠᠢ ᠬᠥᠮᠦᠰ ᠤᠨ ᠠᠵᠢᠯ ᠣᠯᠭᠤᠭᠰᠠᠨ ᠪᠠᠶᠢᠳᠠᠯ ᠢ ᠬᠥᠳᠡᠯᠦᠩᠭᠦᠶ ᠪᠠᠷ ᠡᠵᠡᠮᠰᠢᠵᠦ᠂ ᠠᠵᠢᠯ ᠣᠯᠭᠤᠬᠤ ᠬᠥᠳᠡᠯᠦᠩᠭᠦᠶ ᠬᠡᠷᠡᠭᠴᠡᠭᠡ ᠱᠠᠭᠠᠷᠳᠠᠯᠭ᠎ᠠ ᠪᠠ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠡᠵᠡᠮᠰᠢᠨ᠎ᠡ᠃ ᠶᠠᠳᠠᠭᠤ ᠠᠴᠠ ᠠᠩᠭᠢᠵᠢᠷᠠᠵᠤ ᠠᠵᠢᠯ ᠣᠯᠤᠭᠰᠠᠳ ᠤᠨ ᠬᠥᠳᠡᠯᠦᠩᠭᠦᠢ ᠡᠬᠡ ᠳᠠᠩᠰᠠ ᠶᠢ ᠲᠡᠭᠦᠯᠳᠡᠷᠵᠢᠭᠦᠯᠵᠦ᠂ ᠴᠠᠭ ᠲᠤᠬᠠᠢ ᠳᠤᠨᠢ ᠠᠵᠢᠯ ᠣᠯᠭᠤᠯᠲᠠ ᠶᠢᠨ ᠳᠡᠮᠵᠢᠯᠭᠡ ᠬᠠᠩᠭᠠᠨ᠎ᠠ᠃      ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠳᠡᠮᠵᠢᠯᠭᠡ ᠶᠢᠨ ᠲᠠᠯ᠎ᠠ ᠪᠠᠷ᠂ ᠬᠡᠷ ᠠᠬᠤᠶ ᠶᠢᠨ ᠦᠢᠯᠡᠴᠢᠡᠯᠭᠡ᠂ ᠭᠠᠷ ᠣᠶᠣᠳᠠᠯ᠂ ᠠᠰᠠᠷᠠᠭᠴᠢ᠂ ᠰᠠᠷ᠎ᠠ ᠶᠢᠨ ᠠᠰᠠᠷᠠᠭᠴᠢ ᠵᠡᠷᠭᠡ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠡᠷᠦᠬᠡ ᠶᠢᠨ ᠠᠵᠢᠯ ᠤᠯᠬᠤ ᠤᠷ᠎ᠠ ᠴᠢᠳᠠᠪᠤᠷᠢ ᠶᠢ ᠴᠢᠩᠭᠠᠷᠠᠭᠤᠯᠤᠨ᠎ᠠ᠃ ᠴᠡᠴᠡᠷᠯᠢᠭ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠤᠯᠤᠰ ᠤᠨ ᠥᠮᠴᠢᠯᠡᠯᠲᠦ ᠠᠳᠠᠯ ᠠᠬᠤᠶ ᠶᠢᠨ ᠺᠣᠮᠫᠠᠨᠢ ᠵᠡᠷᠭᠡ ᠰᠠᠯᠠᠭ᠎ᠠ ᠮᠥᠴᠢᠷ ᠯᠦᠭᠡ ︽ᠤᠨᠳᠤᠤ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠶᠠᠳᠠᠭᠤ ᠬᠦᠴᠢᠷᠳᠡᠯᠲᠡᠶ ᠡᠷᠦᠬᠡ ᠳᠤ ᠠᠵᠢᠯ ᠣᠯᠭᠤᠬᠤ ᠵᠥᠪᠯᠡᠯᠴᠡᠭᠡᠷ︾ ᠲᠣᠭᠲᠠᠵᠤ᠂ ᠨᠡᠭᠦᠯᠭᠡᠭᠰᠡᠨ ᠡᠷᠦᠬᠡ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠠᠶᠢᠳᠠᠪᠤᠷᠢᠵᠢᠭᠤᠯᠤᠨ᠎ᠠ᠃      ᠡᠳ᠋ ᠤᠨ ᠵᠠᠰᠠᠭ ᠢ ᠵᠣᠯᠭᠠᠭᠤᠯᠬᠤ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠲᠠᠯ᠎ᠠ ᠪᠠᠷ᠂ 2022 ᠣᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠲᠥᠷᠥᠯ  ᠵᠦᠢᠯ ᠤᠨ ᠬᠥᠮᠥᠷᠭᠡ ᠶᠢ ᠪᠠᠬᠢᠵᠢᠭᠦᠯᠦᠨ ᠥᠷᠭᠡᠳᠬᠡᠵᠦ ᠨᠡᠶᠢᠲᠡ 115 ᠲᠥᠷᠥᠯ ᠵᠦᠢᠯ ᠢ ᠬᠥᠮᠥᠷᠭᠡ ᠳᠤ ᠣᠷᠣᠭᠤᠯᠪᠠ᠃ 2022 ᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠠᠵᠤ  ᠦᠢᠯᠡᠰ ᠤᠨ 21 ᠲᠥᠷᠥᠯ ᠵᠦᠢᠯ ᠢ ᠬᠡᠷᠡᠭᠵᠢᠭᠦᠯᠬᠦ ᠪᠠᠷ ᠲᠣᠭᠲᠠᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠡᠳ᠋ ᠤᠨ ᠵᠠᠰᠠᠭ ᠢ ᠵᠣᠯᠭᠠᠭᠤᠯᠬᠤ ᠪᠠᠯᠠ ᠮᠥᠩᠭᠦ ᠶᠢ 5434 ᠲᠦᠮᠡᠨ ᠲᠥᠭᠦᠷᠢᠭ ᠲᠣᠬᠢᠷᠠᠭᠤᠯᠪᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠬᠤᠪᠢᠰᠬᠠᠯ ᠤᠨ ᠳᠠᠭᠠᠭᠤᠯᠤᠭᠴᠢ ᠠᠵᠤ  ᠦᠢᠯᠡᠰ ᠤᠨ 11 ᠲᠥᠷᠥᠯ ᠵᠦᠢᠯ ᠢ ᠬᠡᠷᠡᠭᠵᠢᠭᠦᠯᠬᠦ ᠪᠠᠷ ᠲᠣᠭᠲᠠᠵᠤ᠂ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠪᠠᠯᠠ ᠮᠥᠩᠭᠦ ᠶᠢ 1926 ᠲᠦᠮᠡᠨ ᠲᠥᠭᠦᠷᠢᠭ ᠳᠣᠭᠢᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠬᠥᠭᠵᠢᠭᠡᠨ᠎ᠡ       ᠨᠡᠶᠢᠭᠡᠮ ᠤᠨ ᠬᠠᠪᠰᠤᠷᠤᠨ ᠲᠡᠳᠬᠦᠬᠦ ᠲᠠᠯ᠎ᠠ ᠪᠠᠷ᠂ ᠨᠡᠶᠢᠲᠡ 159 ᠠᠵᠤ ᠠᠬᠤᠶᠢᠯᠠᠯ ᠠᠵᠤ  ᠦᠢᠯᠡᠰ ᠤᠨ ᠲᠠᠰ ᠳᠡᠪᠰᠢᠬᠦ᠂ ᠲᠣᠰᠬᠤᠨ ᠠᠵᠤ ᠠᠬᠤᠶᠢᠯᠠᠯ ᠬᠠᠮᠲᠤᠷᠠᠨ ᠪᠠᠶᠢᠭᠤᠯᠬᠤ᠂ ᠠᠵᠢᠯ ᠣᠯᠭᠤᠯᠲᠠ ᠪᠠᠷ ᠳᠠᠶᠢᠴᠢᠯᠠᠬᠤ᠂ ᠬᠡᠷᠡᠭᠯᠡᠭᠡ ᠪᠠᠷ ᠳᠠᠶᠢᠴᠢᠯᠠᠬᠤ ᠵᠡᠷᠭᠡ ᠬᠠᠪᠰᠤᠷᠤᠨ ᠲᠡᠳᠬᠦᠬᠦ ᠵᠠᠭᠪᠤᠷ ᠢᠶᠠᠷ ᠳᠡᠮᠵᠢᠨ 138 ᠭᠠᠴᠠᠭ᠎ᠠ ᠲᠣᠰᠬᠤᠨ ᠢ ᠬᠤᠤᠰᠯᠠᠯ ᠪᠠᠶᠢᠭᠤᠯᠤᠨ ᠬᠠᠪᠰᠤᠷᠤᠨ ᠲᠡᠳᠬᠦᠪᠡ᠃ 2022 ᠣᠨ ᠳᠤ᠂ 30310 . 09 ᠲᠦᠮᠡᠨ ᠲᠥᠭᠦᠷᠢᠭ ᠤᠨ ᠪᠡᠯᠡ ᠣᠷᠣᠭᠤᠯᠵᠤ᠂ 82 ᠲᠥᠷᠦᠯ ᠵᠦᠢᠯ ᠢ ᠬᠡᠷᠡᠭᠵᠢᠭᠦᠯᠦᠨ᠂ 4146 ᠡᠷᠦᠬᠡ᠂ 8082 ᠬᠥᠮᠦᠨ ᠢ ᠳᠠᠢᠴᠢᠯᠠᠪᠠ︔ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠭᠰᠡᠨ ᠡᠷᠦᠬᠡ ᠪᠠᠭᠲᠠᠨ᠎ᠠ︶ 188 ᠡᠷᠦᠬᠡ᠂ 380 ᠬᠥᠮᠦᠨ ᠢ ᠳᠠᠶᠢᠴᠢᠯᠠᠨ ᠳᠠᠭᠠᠭᠤᠯᠪᠠ᠃      ᠬᠦᠴᠦᠨ ᠴᠢᠳᠠᠯ ᠢᠶᠠᠨ ᠨᠢᠭᠲᠠᠷᠠᠭᠤᠯᠵᠤ᠂ ᠡᠷᠡᠮᠡᠬᠡᠶᠢᠯᠡᠨ ᠤᠷᠤᠭᠰᠢᠯᠠᠶ᠎ᠠ᠃ ᠡᠵᠡᠨ ᠬᠤᠷᠤᠭ᠎ᠠ ᠬᠤᠰᠢᠭᠤᠨ ᠤ ᠬᠥᠳᠡᠭᠡ ᠲᠣᠰᠬᠤᠨ ᠢᠶᠠᠷ  ᠠᠶᠠᠯᠠᠬᠤ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯᠯᠠᠭ᠎ᠠ ᠢᠳᠡ ᠬᠦᠭ ᠲᠠᠢ ᠶᠠᠪᠤᠭᠳᠠᠵᠤ᠂ ᠵᠣᠯ ᠵᠢᠷᠭᠠᠯᠲᠤ ᠴᠢᠷᠠᠢ ᠳᠤ ᠬᠥᠳᠡᠭᠡ ᠲᠣᠰᠬᠤᠨ ᠤ ᠭᠤᠶᠢᠳᠠ ᠰᠠᠶᠢᠬᠠᠨ ᠵᠢᠷᠤᠭ ᠳᠦᠷᠰᠦ ᠲᠣᠳᠣᠷᠠᠨ᠎ᠠ︔ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢᠳᠡ ᠬᠦᠭ ᠲᠠᠢ ᠶᠠᠪᠤᠭᠳᠠᠵᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠨᠥᠭᠡᠴᠡ ᠬᠦᠴᠦᠨ ᠲᠡᠭᠦᠯᠳᠡᠷ ᠪᠤᠯᠵᠤ᠂ ᠤᠨᠴᠠᠯᠢᠬᠳᠤ ᠠᠵᠤ ᠦᠢᠯᠡᠰ ᠠᠮᠢᠵᠢᠷᠠᠯ ᠤᠨ ᠬᠦᠴᠦᠨ ᠢᠶᠠᠷ ᠪᠢᠯᠬᠠᠨ᠎ᠠ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠵᠢᠷᠤᠭ ᠤᠳ ᠠᠭᠠᠵᠢᠮ ᠢᠶᠠᠷ ᠳᠡᠯᠭᠡᠭᠳᠡᠵᠦ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ