ᠡᠵᠡᠨ ᠬᠤᠷᠤᠭ᠎ᠠ ᠬᠤᠰᠢᠭᠤᠨ ᠤ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠬᠦᠷᠭᠡᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠦᠷᠢᠶᠡᠯᠡᠩ ᠠᠷᠠᠳ ᠳᠤ ᠠᠰᠢᠭ ᠬᠦᠷᠳᠡᠭᠡᠬᠦ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/1/29
      ᠤᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠬᠦᠷᠭᠡᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠦᠷᠢᠶᠡᠯᠡᠩ ᠳᠣᠲᠣᠭᠠᠳᠤ ᠬᠡᠷᠡᠭᠴᠡᠭᠡ ᠶᠢ ᠦᠷᠭᠡᠳᠬᠡᠵᠦ᠂ ᠬᠡᠷᠡᠭᠯᠡᠭᠡ ᠶᠢ ᠠᠬᠢᠭᠤᠯᠤᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠠᠵᠢᠯᠯᠠᠭ᠎ᠠ  ᠶᠠᠪᠤᠭᠳᠠᠭᠤᠯᠪᠠ᠃      ᠣᠶᠢᠯᠠᠭᠠᠭᠰᠠᠨ ᠢᠶᠠᠷ᠂ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ  ᠬᠦᠷᠭᠡᠬᠦ ᠪᠣᠯ ᠡᠳ᠋ ᠤᠨ ᠵᠠᠰᠠᠭ ᠤᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠬᠦᠷᠬᠡᠬᠦ ᠶᠢ ᠭᠦᠨᠵᠡᠭᠡᠶ ᠠᠬᠢᠭᠤᠯᠤᠨ᠂ ᠬᠤᠲᠠ ᠬᠥᠳᠡᠭᠡ ᠶᠢᠨ ᠦᠢᠯᠡᠳᠪᠦᠷᠢᠯᠡᠯ ᠬᠢᠭᠡᠳ ᠬᠡᠷᠡᠭᠯᠡᠭᠡ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠨᠢᠭᠡ  ᠵᠦᠢᠯ ᠤᠨ ᠠᠷᠭ᠎ᠠ ᠬᠡᠮᠵᠢᠶ᠎ᠡ ᠪᠣᠯᠤᠨ᠎ᠠ᠃ ᠡᠭᠦᠨ ᠤ ᠵᠣᠷᠢᠯᠭ᠎ᠠ ᠨᠢ ᠵᠣᠬᠢᠬᠤ ᠬᠡᠪᠴᠢᠶᠡᠨ ᠤ ᠪᠠᠯᠠ ᠮᠥᠩᠭᠦ ᠶᠢᠨ ᠳᠡᠮᠵᠢᠯᠭᠡ ᠳᠤᠤᠷ᠎ᠠ᠂ ᠪᠥᠬᠦ ᠤᠯᠤᠰ ᠤᠨ ᠡᠯ᠎ᠡ ᠭᠠᠵᠠᠷ ᠤᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢ ᠳᠡᠮᠵᠢᠵᠦ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠪᠠᠷᠠᠭᠠᠨ ᠤ ᠬᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮ ᠢ ᠪᠦᠷᠢᠨᠰᠢᠭᠦᠯᠵᠦ᠂ ᠬᠥᠳᠡᠭᠡ ᠲᠣᠰᠬᠤᠨ ᠤ ᠠᠷᠠᠯᠵᠢᠶ᠎ᠠ ᠬᠤᠳᠠᠯᠳᠤᠭᠠᠨ ᠤ  ᠬᠦᠢᠯᠭᠡᠭᠡᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠦᠢᠯᠡᠰ ᠴᠣᠭᠴᠠᠯᠠᠬᠤ ᠳᠠᠭᠠᠭᠤᠯᠤᠭᠴᠢ ᠶᠢ ᠪᠤᠶᠢᠵᠢᠭᠤᠯᠬᠤ ᠶᠢᠨ ᠲᠥᠯᠥᠭᠡ ᠶᠤᠮ᠃      ᠡᠵᠡᠨ ᠬᠤᠷᠤᠭ᠎ᠠ ᠬᠤᠰᠢᠭᠤ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠬᠦᠷᠬᠡᠬᠦ  ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠪᠥᠬᠦ ᠬᠤᠲᠠ ᠳᠤ ᠢᠳᠡᠭᠡᠨ ᠡᠳ᠋ᠰᠢᠭᠦᠯᠬᠦ ᠪᠠᠷᠠᠭᠠᠨ ᠤ ᠬᠦᠢᠯᠭᠡᠭᠡᠨ ᠤ ᠬᠦᠷᠢᠶᠡᠯᠡᠩ ᠢ ᠲᠦᠷᠦᠭᠦᠯᠡᠨ ᠪᠠᠶᠢᠭᠤᠯᠪᠠ᠃ ᠲᠣᠰ ᠬᠦᠷᠢᠶᠡᠯᠡᠩ ᠤᠨ ᠶᠡᠷᠦᠩᠬᠡᠶ ᠲᠠᠯᠠᠪᠠᠶ ᠨᠢ 7 . 8 ᠲᠦᠮᠡᠨ ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 6 . 67 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠭᠤᠤᠯᠳᠠᠭᠤ ᠢᠳᠡᠭᠡᠨ ᠬᠠᠳᠠᠭᠠᠯᠠᠬᠤ ᠲᠣᠭᠤᠷᠢᠭ᠂ ᠢᠳᠡᠭᠡᠨ ᠪᠣᠯᠪᠠᠰᠤᠷᠠᠭᠤᠯᠬᠤ ᠲᠣᠭᠤᠷᠢᠭ ᠪᠠ ᠢᠳᠡᠭᠡᠨ ᠰᠢᠯᠭᠠᠨ ᠪᠠᠶᠢᠴᠠᠭᠠᠬᠤ ᠲᠣᠭᠤᠷᠢᠭ ᠭᠡᠵᠦ 3 ᠣᠷᠣᠨ ᠪᠦᠰᠡ ᠬᠤᠪᠢᠶᠠᠨ᠎ᠠ᠃      ᠲᠣᠰ ᠤᠳᠠᠭ᠎ᠠ ᠡᠬᠢᠯᠡᠨ ᠬᠡᠷᠡᠭᠯᠡᠭᠰᠡᠨ ᠡᠵᠡᠨ ᠬᠤᠷᠤᠭ᠎ᠠ ᠬᠤᠰᠢᠭᠤᠨ ᠤ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠬᠦᠷᠬᠡᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠦᠷᠢᠶᠡᠯᠡᠩ ᠪᠣᠯ ᠪᠥᠬᠦ ᠬᠤᠲᠠ ᠶᠢᠨ ᠠᠩᠬᠠᠳᠠᠭᠴᠢ ᠬᠠᠩᠭᠠᠯᠭ᠎ᠠ ᠶᠢᠨ ᠬᠡᠯᠬᠢᠶ᠎ᠡ ᠶᠢ ᠨᠡᠪᠴᠢᠭᠦᠯᠬᠦ᠂ ᠲᠦᠷᠭᠡᠨ ᠬᠦᠷᠭᠡᠯᠲᠡ ᠶᠢ ᠢᠯᠭᠠᠬᠤ᠂ ᠤᠶᠤᠨᠲᠤ ᠡᠭᠦᠯᠡᠨ ᠬᠥᠮᠥᠷᠭᠡ ᠶᠢ ᠨᠢᠭᠡ ᠴᠣᠭᠴᠠᠵᠢᠭᠤᠯᠤᠭᠰᠠᠨ ᠪᠥᠬᠦ ᠡᠯᠧᠮᠧᠨ᠋ᠲ᠂ ᠣᠯᠠᠨ ᠬᠡᠮᠵᠢᠯᠳᠦ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪᠯᠡᠷᠡᠯ ᠤᠨ ᠣᠷᠣᠨ ᠪᠣᠯᠤᠨ᠎ᠠ᠃ ᠲᠣᠰ ᠡᠳᠦᠷ ᠡᠬᠢᠯᠡᠨ ᠬᠡᠷᠡᠭᠯᠡᠭᠰᠡᠨ ᠡᠵᠡᠨ ᠬᠤᠷᠤᠭ᠎ᠠ ᠬᠤᠰᠢᠭᠤᠨ ᠤ ᠤᠶᠤᠨᠲᠤ ᠲᠠᠷᠢᠶᠠᠯᠠᠩ ᠤᠨ ᠪᠦᠲᠦᠭᠡᠭᠳᠡᠬᠦᠨ ᠤ ᠪᠠᠷᠠᠭᠠᠨ ᠤ ᠬᠦᠢᠯᠭᠡᠭᠡᠨ ᠤ ᠬᠦᠷᠢᠶᠡᠯᠡᠩ ᠨᠢ ᠲᠠᠷᠢᠶᠠᠯᠠᠩ ᠤᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠬᠤ᠂ ᠪᠣᠯᠪᠠᠰᠤᠷᠠᠭᠤᠯᠬᠤ᠂ ᠰᠢᠯᠭᠠᠨ ᠪᠠᠶᠢᠴᠠᠭᠠᠬᠤ ᠵᠡᠷᠭᠡ ᠣᠯᠠᠨ ᠵᠠᠩᠭᠢᠯᠠᠭ᠎ᠠ ᠶᠢᠨ ᠭᠤᠭᠴᠤᠭ᠎ᠠ ᠶᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠬᠦ ᠪᠣᠯᠪᠠᠰᠤᠷᠠᠭᠤᠯᠬᠤ ᠪᠣᠷᠣᠯᠠᠭᠤᠯᠬᠤ ᠡᠬᠢ ᠡᠭᠦᠰᠦᠯ ᠢ ᠨᠢ ᠡᠷᠢᠵᠦ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠪᠡᠶᠡᠯᠡᠭᠦᠯᠵᠦ᠂ ᠮᠠᠨ ᠤ ᠬᠤᠰᠢᠭᠤᠨ ᠳᠤ ᠪᠠᠷᠠᠭᠤᠨ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠳᠠᠮᠵᠢᠭᠤᠯᠬᠤ ᠪᠠ ᠲᠥᠪᠯᠡᠷᠡᠭᠦᠯᠦᠨ ᠲᠠᠷᠬᠠᠭᠠᠬᠤ ᠰᠠᠭᠤᠷᠢᠨ ᠭᠠᠵᠠᠷ ᠢ ᠪᠠᠶᠢᠭᠤᠯᠵᠤ᠂ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠪᠠ ᠬᠦᠢᠯᠭᠡᠭᠡᠨ ᠤ ᠠᠵᠤ ᠦᠢᠯᠡᠰ ᠤᠨ ᠲᠠᠰ ᠳᠡᠪᠰᠢᠬᠦ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠶᠠᠷ ᠠᠵᠤ ᠦᠢᠯᠡᠰ ᠤᠨ ᠬᠦᠷᠢᠶᠡᠯᠡᠩ ᠤᠨ ᠬᠡᠷᠡᠭᠯᠡᠯᠳᠡ ᠨᠢ ᠮᠠᠨ ᠤ ᠬᠤᠰᠢᠭᠤᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢᠵᠢᠭᠯᠡᠨ ᠬᠤᠳᠠᠯᠳᠤᠬᠤ ᠰᠢᠰᠲ᠋ᠧᠮ ᠢ ᠤᠯᠠᠮ ᠨᠢᠭᠡ ᠠᠯᠬᠤᠮ ᠨᠡᠪᠲᠡᠷᠡᠭᠦᠯᠵᠦ᠂ ᠪᠥᠬᠦ ᠬᠤᠰᠢᠭᠤᠨ ᠤ ᠪᠠᠷᠠᠭᠠᠨ ᠤ  ᠬᠦᠢᠯᠭᠡᠭᠡᠨ ᠤ ᠲᠤᠤᠷ ᠰᠦᠯᠵᠢᠶᠡᠨ ᠤ ᠥᠨᠳᠥᠷ ᠪᠦᠲᠦᠮᠵᠢᠲᠡᠶ ᠠᠵᠢᠯᠯᠠᠬᠤ᠂ ᠣᠲᠣ ᠦᠶ᠎ᠡ ᠶᠢᠨ ᠪᠠᠷᠠᠭᠠᠨ ᠤ  ᠬᠦᠢᠯᠭᠡᠭᠡᠨ ᠤ ᠠᠵᠤ ᠦᠢᠯᠡᠰ ᠤᠨ ᠲᠠᠰ ᠳᠡᠪᠰᠢᠬᠦ ᠳᠤ ᠪᠠᠲᠤ ᠪᠠᠬᠢ ᠰᠠᠭᠤᠷᠢ ᠲᠠᠯᠪᠢᠬᠤ ᠪᠣᠯᠤᠨ᠎ᠠ᠃    
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ