ᠦ᠋ ᠶᠦᠨ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ᠂ ᠠᠮᠤᠷ ᠲᠦᠪᠰᠢᠨ ᠤ ᠳᠠᠯᠳᠠ ᠭᠡᠮ ᠢ ᠵᠠᠰᠠᠬᠤ ᠠᠰᠠᠭᠤᠳᠠᠯ ᠢ ᠲᠣᠬᠢᠷᠠᠭᠤᠯᠪᠠ
ᠨᠡᠶᠢᠲᠡᠯᠡᠭᠰᠡᠨ ᠴᠠᠭ᠄
2023/10/17
         10 ᠳ᠋ᠣᠭᠠᠷ ᠰᠠᠷ᠎ᠠ ᠶᠢᠨ 16᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ  ᠳᠠᠷᠤᠭ᠎ᠠ ᠡᠤ ᠶᠦᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ᠂ ᠠᠮᠤᠷ ᠲᠦᠪᠰᠢᠨ ᠤ ᠳᠠᠯᠳᠠ ᠬᠡᠮ ᠢ ᠵᠠᠰᠠᠬᠤ ᠵᠡᠷᠭᠡ ᠠᠰᠠᠭᠤᠳᠠᠯ ᠢ ᠲᠣᠬᠢᠷᠠᠭᠤᠯᠤᠨ  ᠰᠢᠢᠳᠪᠦᠷᠢᠯᠡᠵᠦ᠂ ᠲᠠᠷᠠᠭ᠎ᠠ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃     ᠡᠦ ᠶᠦᠨ ᠶᠠᠷᠢᠬᠤ ᠳᠠᠭᠠᠨ᠂ ᠡᠯ᠎ᠡ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤᠯᠠᠨ ᠲᠦᠮᠡᠨ ᠤ ᠲᠤᠰᠬᠠᠭᠰᠠᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ᠂ ᠵᠠᠩᠭᠢᠯᠠᠭ᠎ᠠ ᠶᠢ ᠭᠦᠨᠵᠡᠭᠡᠢ ᠣᠶᠢᠯᠠᠭᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠬᠡᠷᠡᠭᠲᠡᠢ᠃ ᠠᠰᠠᠭᠤᠳᠠᠯ ᠳᠤ ᠴᠢᠭᠯᠡᠭᠦᠯᠦᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠪᠣᠯᠤᠨ ᠪᠠᠷᠢᠮᠵᠢᠶ᠎ᠠ ᠶᠢ ᠨᠢᠭᠡᠳ ᠨᠢᠭᠡ ᠪᠠᠷ ᠲᠣᠳᠣᠷᠬᠠᠶᠢᠯᠠᠵᠤ᠂ ᠲᠤᠰᠬᠠᠢ ᠠᠩᠬᠢ ᠶᠢᠨ ᠠᠩᠬᠠᠷᠴᠤ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠠᠰᠠᠭᠤᠳᠠᠯ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠤᠨ᠂ ᠭᠡᠮ ᠰᠣᠭᠤᠭ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ ᠵᠠᠰᠠᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ᠂ ᠦᠮᠴᠢᠳᠡᠨ ᠤ ᠵᠥᠪᠯᠡᠯ ᠤᠨ ᠬᠢᠨᠠᠯᠲᠠ ᠬᠠᠮᠢᠶᠠᠷᠤᠯᠲᠠ᠂ ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠤᠨ ᠲᠣᠭᠤᠷᠢᠨ ᠳᠤ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠥᠰᠦᠯ ᠢ ᠲᠣᠭᠲᠠᠭᠠᠨ ᠨᠠᠷᠢᠯᠢᠬᠵᠢᠭᠤᠯᠵᠤ᠂ ᠠᠷᠠᠳ ᠤᠨ ᠠᠮᠢᠳᠤᠷᠠᠯ ᠤᠨ ᠬᠦᠴᠢᠷᠳᠡᠯ᠂ ᠪᠠᠭᠤᠷᠠᠢ ᠲᠠᠯ᠎ᠠ ᠶᠢ ᠲᠦᠷᠭᠡᠨ ᠰᠢᠢᠳᠪᠦᠷᠢᠯᠡᠨ ᠨᠥᠬᠦᠪᠥᠷᠢᠯᠡᠵᠦ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠦᠨᠡᠨᠬᠦ ᠰᠠᠶᠢᠵᠢᠷᠠᠭᠤᠯᠬᠤ ᠬᠡᠷᠡᠭᠲᠡᠢ ᠬᠡᠪᠡ᠃     ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠦ ᠯᠢ ᠮᠢᠩ ᠵᠢᠴᠢ ᠬᠠᠮᠢᠶ᠎ᠠ ᠪᠦᠬᠦᠢ ᠪᠠᠯᠭᠠᠰᠤ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃   
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ